ᠠᠰᠠᠭᠤᠯᠲᠠ᠄ ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠠᠬᠤᠶ ᠪᠠᠶᠢᠳᠠᠯ ᠢ ᠲᠥᠬᠦᠮ ᠲᠠᠨᠢᠯᠴᠠᠭᠤᠯᠤᠨ᠎ᠠ ᠤᠤ︖ | ᠬᠠᠷᠢᠭᠤᠯᠲᠠ᠄ ︽ᠠᠷᠭ᠎ᠠ︾ ᠶᠢ ᠲᠣᠭᠲᠠᠭᠠᠬᠤ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠢ᠄ ᠨᠢᠭᠡ ᠳᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠴᠢᠬᠤᠯᠠ | ᠠᠷᠭ᠎ᠠ ᠬᠡᠮᠵᠢᠶ᠎ᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠬᠤ ᠳᠤ ᠪᠠᠨ᠄ ︽ᠨᠡᠶᠢᠳᠡᠮ ᠬᠡᠷᠡᠭᠯᠡᠬᠦ ᠵᠣᠬᠢᠶᠠᠮᠠᠯ ᠣᠶᠤᠨᠯᠢᠭ ᠤᠨ | ᠬᠥᠭᠵᠢᠯᠲᠡ ᠶᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠠᠮᠢ ᠠᠬᠤᠶ ᠶᠢ ᠪᠣᠶ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠶ︾ ᠭᠡᠵᠦ | ᠵᠢᠭᠠᠵᠤ ᠭᠠᠷᠭᠠᠪᠠ᠃ ᠬᠤᠶᠠᠷ ᠲᠤ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠤᠶᠤᠨᠯᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠯᠭᠠᠮ᠎ᠠ ᠬᠡᠷᠡᠭᠴᠡᠭᠡ | ᠱᠠᠭᠠᠷᠳᠠᠯᠭ᠎ᠠ ᠪᠣᠯᠤᠨ᠎ᠠ᠃ ᠡᠭᠦᠰᠦᠮᠡᠯ ᠬᠡᠯᠪᠡᠷᠢ ᠶᠢᠨ ᠵᠣᠬᠢᠶᠠᠮᠠᠯ ᠤᠶᠤᠨᠯᠢᠭ ᠤᠨ ᠮᠡᠷᠭᠡᠵᠢᠯ ᠤᠨ ᠲᠦᠷᠭᠡᠨ ᠬᠥᠭᠵᠢᠯᠲᠡ ᠶᠢ ᠲᠠᠭᠠᠯᠳᠤᠨ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠬᠤ ᠶᠢᠨ ᠬᠠᠮᠲᠤ ᠪᠠᠰᠠ ᠬᠤᠳᠠᠯ ᠬᠠᠭᠤᠷᠮᠠᠭ ᠮᠡᠳᠡᠭᠡ ᠵᠠᠩᠭᠢ ᠶᠢ ᠳᠠᠮᠵᠢᠭᠤᠯᠬᠤ᠂ ᠬᠤᠪᠢ ᠬᠥᠮᠦᠨ ᠤ ᠮᠡᠳᠡᠭᠡ | ᠵᠠᠩᠭᠢ ᠶᠢᠨ ᠡᠷᠬᠡ ᠠᠰᠢᠭ ᠲᠤ ᠬᠠᠯᠳᠠᠬᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠬᠡᠯᠪᠠᠶᠢᠭᠦᠦ ᠦᠵᠡᠯ ᠤᠨ ᠭᠠᠳᠠᠭᠤᠷᠴᠢᠯᠠᠯ ᠵᠡᠷᠭᠡ ᠠᠰᠠᠭᠤᠳᠠᠯ ᠡᠭᠦᠰᠴᠡᠢ᠃ | ︽ᠠᠷᠭ᠎ᠠ︾ ᠨᠢ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠤᠢ ᠪᠣᠯᠬᠤ ᠬᠡᠯᠪᠡᠷᠢ ᠶᠢᠨ ᠡᠭᠦᠰᠦᠮᠡᠯ | ᠤᠶᠤᠨᠯᠢᠭ ᠤᠨ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠤᠢ ᠪᠣᠯᠬᠤ ᠬᠡᠯᠪᠡᠷᠢ ᠶᠢᠨ ᠡᠭᠦᠰᠦᠮᠡᠯ ᠤᠶᠤᠨᠯᠢᠭ ᠤᠨ | ᠦᠢᠯᠡᠴᠢᠯᠡᠭᠡᠨ ᠤ ᠦᠨᠳᠦᠰᠦᠨ ᠵᠢᠷᠤᠮᠵᠢᠯ ᠢ ᠲᠣᠭᠲᠠᠭᠠᠪᠠ᠃ ᠭᠤᠷᠪᠠ ᠳᠤ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠵᠢᠭᠦᠯᠬᠦ ᠶᠢ ᠠᠬᠢᠭᠤᠯᠬᠤ ᠶᠢᠨ ᠳᠣᠲᠣᠭᠠᠳᠤ | ᠱᠠᠭᠠᠷᠳᠠᠯᠭ᠎ᠠ ᠪᠣᠯᠤᠨ᠎ᠠ᠃ ︽ᠠᠷᠭ᠎ᠠ︾ ᠶᠢ ᠲᠣᠭᠲᠠᠭᠠᠬᠤ ᠪᠣᠯ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠤᠯᠢ︾ ᠶᠢᠨ | ᠬᠤᠯᠪᠣᠭᠳᠠᠯ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠴᠢᠬᠤᠯᠠ ᠱᠠᠭᠠᠷᠳᠠᠯᠭ᠎ᠠ ᠮᠥᠨ᠂ ᠲᠤᠭ᠎ᠠ ᠪᠠᠷᠢᠮᠲᠠ ᠶᠢ ᠰᠢᠢᠳᠪᠦᠷᠢᠯᠡᠬᠦ ᠵᠡᠷᠭᠡ ᠠᠵᠢᠯᠯᠠᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠂ ᠠᠷᠠᠳ ᠢᠷᠭᠡᠨ᠂ ᠬᠠᠤᠯᠢ ᠶᠢᠨ ᠬᠥᠮᠦᠨ | ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠠᠰᠠᠭᠤᠯᠲᠠ᠄ ︽ᠠᠷᠭ᠎ᠠ︾ ᠶᠢᠨ ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠶ︖ | ᠬᠠᠷᠢᠭᠤᠯᠲᠠ᠄ ︽ᠠᠷᠭ᠎ᠠ︾ ᠳᠤ ᠲᠣᠭᠲᠠᠭᠠᠭᠰᠠᠨ ᠨᠢ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠢ ᠠᠰᠢᠭᠯᠠᠨ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠣᠯᠠᠨ ᠨᠡᠶᠢᠲᠡ ᠳᠤ ᠲᠠᠶᠢᠺᠧᠰᠲ᠂ ᠵᠢᠷᠤᠭ᠂ ᠲᠠᠭᠤᠨ ᠳᠠᠪᠲᠠᠮᠵᠢ᠂ ᠬᠠᠷᠠᠭᠠᠨ ᠳᠠᠪᠲᠠᠮᠵᠢ ᠵᠡᠷᠭᠡ ᠠᠭᠤᠯᠭ᠎ᠠ ᠶᠢ | ᠪᠣᠶ ᠪᠣᠯᠭᠠᠬᠤ ᠦᠢᠯᠡᠴᠢᠯᠡᠭᠡ ᠬᠠᠩᠭᠠᠬᠤ ᠳᠤ ᠲᠣᠰ ᠠᠷᠭ᠎ᠠ ᠳᠣᠭᠢᠷᠠᠨ᠎ᠠ᠃ ᠡᠭᠦᠰᠦᠮᠡᠯ ᠬᠡᠯᠪᠡᠷᠢ ᠶᠢᠨ ᠵᠤᠬᠢᠶᠠᠮᠠᠯ ᠤᠶᠤᠨᠯᠢᠭ ᠤᠨ ᠦᠢᠯᠡᠴᠢᠯᠡᠭᠡ ᠶᠢ ᠠᠰᠢᠭᠯᠠᠨ ᠰᠣᠨᠢᠨ | ᠮᠡᠳᠡᠭᠡ ᠬᠡᠪᠯᠡᠯ᠂ ᠺᠢᠨᠣ᠋ ᠲᠧᠯᠸᠢᠰ ᠦᠢᠯᠡᠳᠬᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠵᠡᠷᠭᠡ ᠠᠵᠢᠯᠯᠠᠭ᠎ᠠ ᠳᠤ ᠤᠯᠤᠰ ᠠᠴᠠ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯ ᠤᠨ ᠪᠠᠶᠢᠭᠤᠯᠤᠮᠵᠢ ᠵᠡᠷᠭᠡ ᠶᠢᠨ | ᠡᠭᠦᠰᠭᠡᠬᠦ ᠮᠠᠶ᠋ᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠳᠤ᠂ ᠬᠢᠯᠢ ᠶᠢᠨ ᠳᠣᠲᠣᠷᠠᠬᠢ ᠣᠯᠠᠨ ᠨᠡᠶᠢᠲᠡ ᠳᠤ ᠡᠭᠦᠰᠭᠡᠬᠦ | ᠮᠠᠶ᠋ᠢᠭ ᠤᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠥᠯᠥ ᠬᠠᠩᠭᠠᠭᠰᠠᠨ ᠪᠠᠶᠢᠪᠠᠯ᠂ ᠲᠣᠰ ᠠᠷᠭ᠎ᠠ ᠶᠢᠨ ᠲᠣᠭᠲᠠᠭᠠᠯ ᠢ ᠬᠡᠷᠡᠭᠯᠡᠬᠦ ᠥᠬᠡᠶ᠃ | ᠠᠰᠠᠭᠤᠯᠲᠠ᠄ ︽ᠠᠷᠭ᠎ᠠ︾ ᠳᠤ ᠪᠠᠷᠢᠮᠲᠠᠯᠠᠬᠤ ᠭᠤᠤᠯ ᠵᠠᠷᠴᠢᠮ ᠨᠢ ᠶᠠᠭᠤ ᠪᠣᠶ︖ | ᠬᠠᠷᠢᠭᠤᠯᠲᠠ᠄ ︽ᠠᠷᠭ᠎ᠠ︾ ᠳᠤ ᠤᠯᠤᠰ ᠠᠴᠠ ᠬᠥᠭᠵᠢᠯᠲᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ᠂ ᠰᠢᠨ᠎ᠡ ᠶᠢ ᠡᠭᠦᠳᠬᠦ ᠪᠠ ᠬᠠᠤᠯᠢ ᠶᠣᠰᠣᠭᠠᠷ | ᠵᠠᠰᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠭᠦᠰᠦᠮᠡᠯ ᠬᠡᠯᠪᠡᠷᠢ ᠶᠢᠨ ᠤᠶᠤᠨᠯᠢᠭ ᠤᠨ | ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ ᠡᠭᠦᠰᠦᠮᠡᠯ ᠬᠡᠯᠪᠡᠷᠢ ᠶᠢᠨ ᠤᠶᠤᠨᠯᠢᠭ ᠤᠨ ᠦᠢᠯᠡᠴᠢᠯᠡᠭᠡ ᠳᠤ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠪᠠ | ᠲᠦᠷᠦᠯ ᠬᠤᠪᠢᠶᠠᠨ ᠱᠠᠳᠤ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ ᠭᠡᠵᠦ ᠳᠤᠷᠠᠳᠴᠠᠢ᠃ | ᠠᠰᠠᠭᠤᠯᠲᠠ᠄ ︽ᠠᠷᠭ᠎ᠠ︾ ᠳᠤ ᠬᠡᠯᠡᠵᠦ ᠪᠠᠶᠢᠭ᠎ᠠ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠪᠠ ᠡᠭᠦᠰᠦᠮᠡᠯ ᠬᠡᠯᠪᠡᠷᠢ ᠶᠢᠨ ᠵᠣᠬᠢᠶᠠᠮᠠᠯ | ᠣᠶᠤᠨᠯᠢᠭ ᠤᠨ ᠦᠢᠯᠡᠴᠢᠯᠡᠭᠡ ᠬᠠᠩᠭᠠᠭᠴᠢ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖ | ᠬᠠᠷᠢᠭᠤᠯᠲᠠ᠄ ︽ᠠᠷᠭ᠎ᠠ︾ ᠳᠤ ᠬᠡᠯᠡᠵᠦ ᠪᠠᠶᠢᠭ᠎ᠠ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠭᠡᠳᠡᠭ ᠨᠢ ᠲᠠᠶᠢᠺᠧᠰᠲ᠂ ᠵᠢᠷᠤᠭ᠂ ᠲᠠᠭᠤᠨ | ᠳᠠᠪᠲᠠᠮᠵᠢ᠂ ᠬᠠᠷᠠᠭᠠᠨ ᠳᠠᠪᠲᠠᠮᠵᠢ ᠵᠡᠷᠭᠡ ᠠᠭᠤᠯᠭ᠎ᠠ ᠶᠢ ᠪᠣᠶ ᠪᠣᠯᠭᠠᠬᠤ ᠴᠢᠳᠠᠪᠤᠷᠢ ᠲᠠᠢ ᠵᠠᠭᠪᠤᠷ ᠵᠢᠴᠢ ᠬᠠᠮᠢᠶ᠎ᠠ ᠪᠥᠬᠦᠶ ᠮᠡᠷᠭᠡᠵᠢᠯ ᠢ ᠵᠢᠭᠠᠵᠤ ᠪᠣᠶ︔ ᠡᠭᠦᠰᠦᠮᠡᠯ | ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠬᠠᠩᠭᠠᠭᠴᠢ ᠭᠡᠳᠡᠭ ᠨᠢ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠢ ᠠᠰᠢᠭᠯᠠᠨ | ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠬᠠᠩᠭᠠᠬᠤ ︵ᠫᠷᠤᠭ᠍ᠷᠠᠮ ᠨᠠᠶᠢᠷᠠᠭᠤᠯᠵᠤ ᠪᠣᠯᠬᠤ ᠵᠠᠯᠭᠠᠰᠤ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ | ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠬᠠᠩᠭᠠᠬᠤ ᠶᠢ ᠪᠠᠭᠲᠠᠭᠠᠨ᠎ᠠ︶ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠢ ᠵᠢᠭᠠᠵᠤ ᠪᠠᠶᠢᠨ᠎ᠠ᠃ | ᠠᠰᠠᠭᠤᠯᠲᠠ᠄ ︽ᠠᠷᠭ᠎ᠠ︾ ᠨᠢ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠶᠠᠮᠠᠷ ᠶᠠᠮᠠᠷ ᠪᠣᠳᠣᠯᠬᠢᠯᠠᠯ ᠲᠠᠢ | ᠪᠣᠶ︖ | ᠬᠠᠷᠢᠭᠤᠯᠲᠠ᠄ ︽ᠠᠷᠭ᠎ᠠ︾ ᠨᠢ ᠵᠠᠰᠠᠬᠤ ᠡᠲᠡᠭᠡᠳ ᠤᠨ ᠲᠠᠯ᠎ᠠ ᠪᠠᠷ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠳᠤ ᠴᠢᠭᠯᠡᠭᠦᠯᠪᠡ᠃ ᠬᠢᠨᠠᠨ | ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠳᠤ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠪᠠ | ᠲᠦᠷᠦᠯ ᠬᠤᠪᠢᠶᠠᠨ ᠱᠠᠳᠤ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠪᠠᠷ ᠳᠤᠷᠠᠳᠴᠤ᠂ ᠤᠯᠤᠰ ᠤᠨ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠤᠨ ᠣᠨᠴᠠᠯᠢᠭ ᠵᠢᠴᠢ ᠲᠡᠭᠦᠨ ᠤ ᠬᠤᠯᠪᠣᠭᠳᠠᠯ ᠪᠦᠬᠦᠢ ᠠᠵᠢᠯ ᠲᠦᠷᠦᠯ ᠪᠠ | ᠬᠦᠷᠢᠶᠡᠨ ᠳᠠᠬᠢ ᠦᠢᠯᠡᠴᠢᠯᠡᠭᠡᠨ ᠤ ᠬᠡᠷᠡᠭᠯᠡᠯᠲᠡ ᠳᠤ ᠴᠢᠭᠯᠡᠭᠦᠯᠦᠨ᠂ ᠰᠢᠨ᠎ᠡ ᠶᠢ ᠡᠭᠦᠳᠬᠦ ᠬᠥᠭᠵᠢᠯᠲᠡ ᠲᠠᠢ ᠵᠣᠬᠢᠴᠠᠭᠰᠠᠨ ᠰᠢᠨᠵᠢᠯᠡᠬᠦ ᠤᠬᠠᠭᠠᠨᠴᠢ ᠬᠢᠨᠠᠨ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠵᠣᠬᠢᠴᠠᠩᠭᠤᠢ ᠲᠦᠷᠦᠯ ᠬᠤᠪᠢᠶᠠᠨ ᠱᠠᠳᠤ ᠬᠤᠪᠢᠶᠠᠨ ᠬᠢᠨᠠᠨ ᠬᠠᠮᠢᠶᠠᠷᠬᠤ ᠲᠦᠷᠢᠮ ᠪᠤᠶᠤ ᠵᠢᠭᠠᠨ | ᠵᠢᠯᠤᠭᠤᠳᠤᠯᠭ᠎ᠠ ᠶᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠨᠢᠭᠡ ᠳᠤ᠂ ᠡᠭᠦᠰᠦᠮᠡᠯ | ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠢ ᠡᠯ᠎ᠡ ᠠᠵᠢᠯ ᠲᠦᠷᠦᠯ᠂ ᠡᠯ᠎ᠡ ᠬᠦᠷᠢᠶᠡᠨ ᠳᠤ ᠰᠢᠨ᠎ᠡ ᠶᠢ ᠡᠭᠦᠳᠦᠨ ᠬᠡᠷᠡᠭᠯᠡᠬᠦ ᠶᠢ ᠵᠣᠷᠢᠭᠵᠢᠭᠤᠯᠵᠤ᠂ ᠢᠳᠡᠪᠬᠢᠲᠡᠶ | ᠪᠥᠭᠡᠳ ᠡᠷᠡᠭᠦᠯ᠂ ᠥᠭᠡᠳᠡᠯᠡᠨ ᠲᠠᠪᠰᠢᠬᠤ ᠰᠢᠯᠢᠳᠡᠭ ᠠᠭᠤᠯᠭ᠎ᠠ ᠶᠢ ᠪᠤᠢ ᠪᠣᠯᠭᠠᠵᠤ᠂ ᠬᠡᠷᠡᠭᠯᠡᠭᠡᠨ ᠤ ᠠᠬᠤᠶ ᠪᠠᠶᠢᠳᠠᠯ ᠢ ᠰᠦᠪᠡᠭᠴᠢᠯᠡᠨ ᠰᠢᠯᠢᠳᠡᠭᠵᠢᠭᠦᠯᠦᠨ᠂ | ᠬᠡᠷᠡᠭᠯᠡᠭᠡᠨ ᠤ ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠨ ᠬᠥᠮᠦᠵᠢᠯ | ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ | ᠪᠠᠶᠢᠭᠤᠯᠤᠮᠵᠢ ᠵᠡᠷᠭᠡ ᠶᠢᠨ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠪᠠᠶᠢᠭᠤᠯᠤᠯᠲᠠ᠂ ᠬᠤᠪᠢᠷᠠᠭᠤᠯᠤᠨ ᠬᠡᠷᠡᠭᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠪᠠᠷ ᠬᠠᠮᠵᠢᠯᠴᠠᠭ᠎ᠠ ᠥᠷᠨᠢᠭᠦᠯᠬᠦ ᠶᠢ ᠳᠡᠮᠵᠢᠨ᠎ᠡ᠃ ᠭᠤᠷᠪᠠ ᠳᠤ᠂ | ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠪᠤᠳᠤᠬᠤ ᠠᠷᠭ᠎ᠠ᠂ ᠪᠣᠷᠣ ᠲᠥᠯᠥᠪ᠂ ᠴᠢᠫ ᠵᠢᠴᠢ ᠢᠵᠢ ᠪᠦᠷᠢᠳᠦᠭᠦᠯᠬᠦ ᠵᠥᠭᠡᠯᠡᠨ ᠲᠤᠨᠤᠭ ᠤᠨ ᠲᠠᠪᠴᠠᠩ ᠵᠡᠷᠭᠡ | ᠰᠠᠭᠤᠷᠢ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠡᠷᠬᠡ ᠲᠡᠭᠰᠢ ᠬᠠᠷᠢᠯᠴᠠᠨ ᠠᠰᠢᠭᠲᠠᠢ ᠪᠠᠷ ᠤᠯᠠᠨ ᠤᠯᠤᠰ ᠤᠨ | ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠵᠦ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠬᠤᠯᠪᠣᠭᠳᠠᠯ ᠪᠦᠬᠦᠢ ᠤᠯᠠᠨ ᠤᠯᠤᠰ ᠤᠨ ᠲᠦᠷᠢᠮ ᠢ | ᠲᠣᠭᠲᠠᠭᠠᠬᠤ ᠳᠤ ᠣᠷᠣᠯᠴᠠᠨ᠎ᠠ᠃ ᠲᠦᠷᠪᠡ ᠳᠤ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ | ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠳᠤᠷᠠᠳᠪᠠ᠃ ᠪᠤᠳᠤᠯᠭ᠎ᠠ ᠶᠢᠨ ᠬᠦᠴᠦᠨ ᠤ ᠡᠬᠢ | ᠪᠠᠶᠠᠯᠢᠭ ᠢ ᠬᠠᠮᠵᠢᠯᠴᠠᠨ ᠬᠠᠮᠲᠤᠪᠠᠷ ᠡᠳ᠋ᠯᠡᠬᠦ ᠶᠢ ᠠᠬᠢᠭᠤᠯᠵᠤ᠂ ᠪᠤᠳᠤᠯᠭ᠎ᠠ ᠶᠢᠨ ᠬᠦᠴᠦᠨ ᠤ ᠡᠬᠢ ᠪᠠᠶᠠᠯᠢᠭ ᠢ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠲᠠᠰ ᠬᠤᠪᠢᠶᠠᠨ ᠡᠮᠬᠢ ᠵᠢᠷᠤᠮ ᠲᠠᠢ ᠨᠡᠭᠡᠭᠡᠬᠦ ᠶᠢ ᠠᠬᠢᠭᠤᠯᠵᠤ᠂ ᠴᠢᠨᠠᠷ ᠰᠠᠶᠢᠲᠠᠶ ᠣᠯᠠᠨ ᠨᠡᠶᠢᠲᠡ ᠶᠢᠨ | ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠥᠷᠭᠡᠳᠬᠡᠨ᠎ᠡ᠃ ᠠᠮᠤᠷ ᠲᠦᠪᠰᠢᠨ ᠤ ᠢᠲᠡᠭᠡᠮᠵᠢᠲᠦ ᠴᠢᠫ᠂ ᠵᠥᠭᠡᠯᠡᠨ ᠲᠣᠨᠤᠭ᠂ ᠪᠠᠭᠠᠵᠢ᠂ ᠪᠤᠳᠤᠬᠤ | ᠬᠦᠴᠦᠨ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ | ᠠᠰᠠᠭᠤᠯᠲᠠ᠄ ︽ᠠᠷᠭ᠎ᠠ︾ ᠳᠤ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠶᠢ ᠬᠠᠩᠭᠠᠬᠤ ᠪᠠ ᠬᠡᠷᠡᠭᠯᠡᠬᠦ ᠳᠤ ᠶᠠᠮᠠᠷ ᠶᠠᠮᠠᠷ | ᠲᠣᠭᠲᠠᠭᠠᠯ ᠢ ᠵᠢᠷᠤᠮᠯᠠᠬᠤ ᠬᠡᠷᠡᠭᠲᠡᠶ ᠪᠣᠶ︖ | ᠬᠠᠷᠢᠭᠤᠯᠲᠠ᠄ ︽ᠠᠷᠭ᠎ᠠ︾ ᠳᠤ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠬᠠᠩᠭᠠᠬᠤ ᠪᠠ ᠬᠡᠷᠡᠭᠯᠡᠬᠦ ᠳᠤ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠲᠦᠷᠦ ᠶᠢᠨ ᠡᠷᠬᠡ ᠶᠢ ᠨᠤᠷᠠᠭᠠᠬᠤ᠂ ᠨᠡᠶᠢᠭᠡᠮ ᠵᠢᠷᠤᠮᠲᠤ | ᠪᠠᠶᠢᠭᠤᠯᠤᠯ ᠢ ᠲᠦᠯᠬᠢᠨ ᠤᠨᠠᠭᠠᠬᠤ ᠪᠠᠷ ᠥᠳᠥᠭᠡᠬᠦ᠂ ᠤᠯᠤᠰ ᠣᠷᠣᠨ ᠤ ᠠᠮᠤᠷ ᠲᠦᠪᠰᠢᠨ ᠪᠠ ᠠᠰᠢᠭ ᠲᠤᠰᠠ ᠶᠢ ᠬᠤᠬᠢᠷᠠᠭᠤᠯᠬᠤ᠂ ᠤᠯᠤᠰ ᠣᠷᠣᠨ ᠤ ᠲᠦᠷᠢ | ᠲᠥᠷᠬᠦ ᠶᠢ ᠬᠤᠬᠢᠷᠠᠭᠤᠯᠬᠤ᠂ ᠤᠯᠤᠰ ᠣᠷᠣᠨ ᠢ ᠬᠠᠭᠠᠴᠠᠭᠤᠯᠬᠤ ᠪᠠᠷ ᠥᠳᠥᠭᠡᠬᠦ᠂ ᠤᠯᠤᠰ ᠣᠷᠣᠨ ᠤ ᠨᠢᠭᠡᠳᠦᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠪᠳᠡᠬᠦ᠂ | ᠰᠦᠷᠳᠡᠭᠦᠯᠬᠦ ᠦᠵᠡᠯ᠂ ᠬᠡᠲᠦᠷᠡᠮᠡᠬᠡᠢ ᠦᠵᠡᠯ ᠢ ᠤᠬᠠᠭᠤᠯᠬᠤ᠂ ᠦᠨᠳᠦᠰᠦᠲᠡᠨ ᠤ ᠬᠤᠷᠣᠰᠤᠯ᠂ ᠦᠨᠳᠦᠰᠦᠲᠡᠨ ᠤ ᠭᠠᠳᠠᠭᠤᠷᠴᠢᠯᠠᠯ᠂ ᠬᠦᠴᠦᠷᠬᠡᠭᠯᠡᠯ᠂ ᠱᠠᠯᠢᠭ ᠵᠠᠪᠬᠠᠢ | ᠰᠠᠳᠤᠷ ᠰᠠᠮᠠᠭᠤᠨ ᠪᠠᠶᠢᠳᠠᠯ ᠢ ᠤᠬᠠᠭᠤᠯᠬᠤ᠂ ᠵᠢᠴᠢ ᠬᠤᠳᠠᠯ ᠬᠠᠭᠤᠷᠮᠠᠭ ᠬᠤᠣᠷ ᠬᠥᠨᠥᠭᠡᠯ ᠲᠠᠢ ᠮᠡᠳᠡᠭᠡ ᠵᠠᠩᠭᠢ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠴᠠᠭᠠᠵᠠᠯᠠᠭᠰᠠᠨ ᠠᠭᠤᠯᠭ᠎ᠠ ᠶᠢ ᠪᠤᠢ ᠪᠣᠯᠭᠠᠵᠤ ᠪᠣᠯᠬᠤ ᠦᠭᠡᠢ︔ ᠪᠤᠳᠤᠬᠤ ᠠᠷᠭ᠎ᠠ ᠶᠢ ᠵᠢᠷᠤᠵᠤ ᠲᠥᠯᠥᠪᠯᠡᠬᠦ᠂ ᠪᠣᠯᠪᠠᠰᠤᠷᠠᠯ ᠤᠨ ᠲᠤᠭ᠎ᠠ | ᠪᠠᠷᠢᠮᠲᠠ ᠶᠢ ᠰᠣᠩᠭᠤᠬᠤ᠂ ᠵᠠᠭᠪᠤᠷ ᠢ ᠪᠣᠶ ᠪᠣᠯᠭᠠᠬᠤ ᠪᠠ ᠰᠢᠯᠢᠳᠡᠭᠵᠢᠭᠦᠯᠬᠦ᠂ ᠦᠢᠯᠡᠴᠢᠯᠡᠭᠡ ᠬᠠᠩᠭᠠᠬᠤ ᠵᠡᠷᠭᠡ ᠶᠠᠪᠤᠴᠠ ᠳᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠦᠨᠳᠦᠰᠦᠲᠡᠨ᠂ ᠢᠲᠡᠭᠡᠯ ᠪᠢᠰᠢᠷᠡᠯ᠂ ᠤᠯᠤᠰ ᠤᠨ ᠢᠯᠭᠠᠯ᠂ ᠭᠠᠵᠠᠷ ᠣᠷᠣᠨ᠂ ᠭᠦᠢᠰᠦ ᠶᠢᠨ ᠢᠯᠭᠠᠯ᠂ ᠨᠠᠰᠤ ᠵᠢᠯ᠂ ᠠᠵᠢᠯ ᠮᠡᠷᠭᠡᠵᠢᠯ᠂ ᠡᠷᠡᠭᠦᠯ ᠮᠡᠨᠳᠦ | ᠵᠡᠷᠭᠡ ᠶᠢᠨ ᠭᠠᠳᠠᠭᠤᠷᠴᠢᠯᠠᠯ ᠡᠭᠦᠰᠬᠦ ᠶᠢ ᠰᠡᠷᠭᠡᠶᠢᠯᠡᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠤᠳᠠᠯᠳᠤᠭᠠᠨ ᠤ ᠶᠣᠰᠣ ᠮᠣᠷᠠᠯ ᠢ ᠬᠦᠨᠳᠦᠳᠭᠡᠨ᠂ | ᠬᠤᠳᠠᠯᠳᠤᠭᠠᠨ ᠤ ᠨᠢᠭᠤᠴᠠ ᠶᠢ ᠬᠠᠮᠠᠭᠠᠯᠠᠵᠤ᠂ ᠪᠤᠳᠤᠬᠤ ᠠᠷᠭ᠎ᠠ᠂ ᠲᠤᠭ᠎ᠠ ᠪᠠᠷᠢᠮᠲᠠ᠂ ᠲᠠᠪᠴᠠᠩ ᠵᠡᠷᠭᠡ ᠳᠠᠪᠠᠭᠤᠯᠢᠭ ᠢ ᠠᠰᠢᠭᠯᠠᠨ ᠭᠠᠭᠴᠠᠭᠠᠷ ᠡᠵᠡᠮᠰᠢᠬᠦ ᠪᠠ ᠵᠦᠢ | ᠪᠤᠰᠤ ᠥᠷᠢᠰᠥᠯᠳᠦᠭᠡᠨ ᠤ ᠠᠵᠢᠯᠯᠠᠭ᠎ᠠ ᠶᠢ ᠬᠢᠵᠦ ᠪᠣᠯᠬᠤ ᠦᠭᠡᠢ︔ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠳᠦᠳᠭᠡᠵᠦ᠂ ᠪᠤᠰᠤᠳ ᠤᠨ ᠪᠡᠶ᠎ᠡ | ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠵᠤ ᠪᠣᠯᠬᠤ ᠦᠭᠡᠢ᠂ ᠪᠤᠰᠤᠳ ᠤᠨ ᠪᠡᠶ᠎ᠡ ᠶᠢᠨ ᠬᠦᠷᠦᠭ ᠤᠨ ᠡᠷᠬᠡ᠂ ᠨᠡᠷ᠎ᠡ | ᠲᠦᠷᠦ ᠶᠢᠨ ᠡᠷᠬᠡ᠂ ᠢᠷᠠᠭᠤ ᠠᠯᠳᠠᠷ ᠤᠨ ᠡᠷᠬᠡ᠂ ᠬᠤᠪᠢ ᠶᠢᠨ ᠨᠢᠭᠤᠴᠠ ᠶᠢᠨ ᠡᠷᠬᠡ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠡᠷᠬᠡ ᠠᠰᠢᠭ ᠲᠤ ᠬᠠᠯᠳᠠᠵᠤ | ᠪᠣᠯᠬᠤ ᠦᠭᠡᠢ︔ ᠦᠢᠯᠡᠴᠢᠯᠡᠭᠡᠨ ᠤ ᠲᠥᠷᠥᠯ ᠬᠡᠯᠪᠡᠷᠢ ᠶᠢᠨ ᠣᠨᠴᠠᠯᠢᠭ ᠲᠤ ᠰᠠᠭᠤᠷᠢᠯᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠡᠭᠦᠰᠦᠮᠡᠯ | ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡᠨ ᠤ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠭᠦᠰᠭᠡᠬᠦ ᠠᠭᠤᠯᠭ᠎ᠠ ᠶᠢᠨ ᠣᠨᠣᠪᠴᠢᠲᠤ ᠴᠢᠨᠠᠷ ᠪᠠ | ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ | ᠠᠰᠠᠭᠤᠯᠲᠠ᠄ ︽ᠠᠷᠭ᠎ᠠ︾ ᠳᠤ ᠲᠣᠭᠲᠠᠭᠠᠭᠰᠠᠨ ᠵᠠᠰᠠᠬᠤ ᠲᠦᠷᠢᠮ ᠳᠤ ᠭᠤᠤᠯᠳᠠᠭᠤ ᠶᠠᠭᠤ ᠶᠠᠭᠤ ᠪᠠᠶᠢᠬᠤ ᠪᠣᠶ︖ | ᠬᠠᠷᠢᠭᠤᠯᠲᠠ᠄ ︽ᠠᠷᠭ᠎ᠠ︾ ᠳᠤ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠬᠠᠩᠭᠠᠭᠴᠢ ᠤᠷᠢᠳᠴᠢᠯᠠᠨ ᠪᠣᠯᠪᠠᠰᠤᠷᠠᠭᠤᠯᠬᠤ᠂ | ᠰᠢᠯᠢᠳᠡᠭᠵᠢᠭᠦᠯᠬᠦ ᠪᠣᠯᠪᠠᠰᠤᠷᠠᠯ ᠵᠡᠷᠭᠡ ᠪᠣᠯᠪᠠᠰᠤᠷᠠᠯ ᠤᠨ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠵᠦ᠂ ᠬᠠᠤᠯᠢ ᠶᠣᠰᠣᠨ ᠤ | ᠢᠷᠡᠯᠲᠡ ᠲᠠᠢ ᠲᠤᠭ᠎ᠠ ᠪᠠᠷᠢᠮᠲᠠ ᠪᠠ ᠰᠠᠭᠤᠷᠢ ᠵᠠᠭᠪᠤᠷ ᠢ ᠬᠡᠷᠡᠭᠯᠡᠬᠦ ᠬᠡᠷᠡᠭᠲᠡᠶ︔ ᠮᠡᠳᠡᠯᠭᠡ ᠶᠢᠨ ᠪᠦᠲᠦᠭᠡᠭᠳᠡᠬᠦᠨ ᠤ ᠡᠷᠬᠡ ᠳᠤ ᠬᠤᠯᠪᠣᠭᠳᠠᠭᠰᠠᠨ ᠪᠠᠶᠢᠪᠠᠯ᠂ | ᠪᠤᠰᠤᠳ ᠤᠨ ᠬᠠᠤᠯᠢ ᠶᠣᠰᠣᠭᠠᠷ ᠡᠳ᠋ᠯᠡᠬᠦ ᠮᠡᠳᠡᠯᠭᠡ ᠶᠢᠨ ᠪᠦᠲᠦᠭᠡᠭᠳᠡᠬᠦᠨ ᠤ ᠡᠷᠬᠡ ᠳᠤ ᠬᠠᠯᠳᠠᠵᠤ ᠪᠣᠯᠬᠤ ᠦᠭᠡᠢ︔ ᠬᠤᠪᠢ ᠬᠥᠮᠦᠨ ᠤ ᠮᠡᠳᠡᠭᠡ ᠵᠠᠩᠭᠢ ᠳᠤ | ᠬᠤᠯᠪᠣᠭᠳᠠᠭᠰᠠᠨ ᠪᠠᠶᠢᠪᠠᠯ᠂ ᠬᠤᠪᠢ ᠬᠥᠮᠦᠨ ᠤ ᠵᠥᠪᠰᠢᠶᠡᠷᠡᠯ ᠢ ᠤᠯᠬᠤ ᠪᠤᠶᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠳᠤ | ᠨᠡᠶᠢᠴᠡᠭᠰᠡᠨ ᠪᠤᠰᠤᠳ ᠪᠠᠶᠢᠳᠠᠯ ᠢ ᠤᠯᠬᠤ ᠬᠡᠷᠡᠭᠲᠡᠶ︔ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠣᠯᠪᠠᠰᠤᠷᠠᠭᠤᠯᠤᠯ ᠤᠨ ᠲᠤᠭ᠎ᠠ ᠪᠠᠷᠢᠮᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠤᠰᠤᠳᠴᠢ ᠴᠢᠨᠠᠷ᠂ ᠣᠯᠠᠨ ᠶᠠᠩᠵᠤᠲᠤ | ᠴᠢᠨᠠᠷ ᠢ ᠴᠢᠩᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠲᠤᠭ᠎ᠠ ᠪᠠᠷᠢᠮᠲᠠ ᠶᠢᠨ ᠲᠣᠳᠣᠷᠬᠠᠶᠢᠯᠠᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶᠢᠯᠠᠪᠠ᠃ | ᠠᠰᠠᠭᠤᠯᠲᠠ᠄ ︽ᠠᠷᠭ᠎ᠠ︾ ᠳᠤ ᠭᠤᠤᠯᠳᠠᠭᠤ ᠶᠠᠮᠠᠷ ᠶᠠᠮᠠᠷ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡᠨ ᠤ ᠵᠢᠷᠤᠮᠵᠢᠯ ᠢ | ᠲᠣᠳᠣᠷᠬᠠᠶᠢᠯᠠᠭᠰᠠᠨ ᠪᠣᠶ︖ | ᠬᠠᠷᠢᠭᠤᠯᠲᠠ᠄ ︽ᠠᠷᠭ᠎ᠠ︾ ᠳᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠨ ᠳᠤ ᠥᠯᠥ ᠭᠦᠷᠦᠭᠰᠡᠳ ᠤᠨ ᠬᠡᠷᠡᠭᠯᠡᠭᠴᠢᠳ ᠤᠨ ᠡᠭᠦᠰᠦᠮᠡᠯ | ᠬᠡᠯᠪᠡᠷᠢ ᠶᠢᠨ ᠵᠣᠬᠢᠶᠠᠮᠠᠯ ᠣᠶᠤᠨᠯᠢᠭ ᠦᠢᠯᠡᠴᠢᠯᠡᠭᠡ ᠳᠤ ᠬᠡᠲᠦ ᠲᠦᠰᠢᠭᠯᠡᠬᠦ ᠪᠤᠶᠤ ᠰᠢᠨᠤᠬᠤ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠲᠣᠭᠲᠠᠭᠠᠯ | ᠬᠠᠩᠭᠠᠭᠴᠢ ᠨᠢ ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠭᠦᠨᠵᠡᠭᠡᠶ ᠨᠡᠶᠢᠯᠡᠮᠡᠯ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ ᠵᠢᠷᠤᠭ᠂ | ᠬᠠᠷᠠᠭᠠᠨ ᠳᠠᠪᠲᠠᠮᠵᠢ ᠵᠡᠷᠭᠡ ᠡᠭᠦᠰᠦᠮᠡᠯ ᠠᠭᠤᠯᠭ᠎ᠠ ᠳᠤ ᠲᠡᠮᠳᠡᠭ ᠲᠠᠯᠪᠢᠬᠤ ᠬᠡᠷᠡᠭᠲᠡᠶ᠃ ᠲᠣᠭᠲᠠᠭᠠᠯ ᠬᠠᠩᠭᠠᠭᠴᠢ ᠨᠢ ᠬᠠᠤᠯᠢ ᠠᠴᠠ ᠵᠥᠷᠢᠴᠡᠭᠰᠡᠨ ᠠᠭᠤᠯᠭ᠎ᠠ ᠶᠢ | ᠣᠯᠵᠤ ᠮᠡᠳᠡᠭᠰᠡᠨ ᠪᠠᠶᠢᠪᠠᠯ᠂ ᠡᠭᠦᠰᠭᠡᠬᠦ ᠶᠢ ᠨᠢ ᠵᠣᠭᠰᠣᠭᠠᠬᠤ᠂ ᠳᠠᠮᠵᠢᠭᠤᠯᠬᠤ ᠶᠢ ᠨᠢ ᠵᠣᠭᠰᠣᠭᠠᠬᠤ᠂ ᠠᠷᠢᠯᠭᠠᠬᠤ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠠᠭ | ᠲᠤᠬᠠᠶ ᠳᠤ ᠨᠢ ᠠᠪᠬᠤ ᠶᠢᠨ ᠬᠠᠮᠲᠤ ᠵᠠᠭᠪᠤᠷ ᠢ ᠰᠢᠯᠢᠳᠡᠭᠵᠢᠭᠦᠯᠦᠨ ᠪᠣᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠴᠡᠭᠴᠡᠯᠡᠨ ᠥᠭᠡᠷᠡᠴᠢᠯᠡᠬᠦ ᠬᠡᠷᠡᠭᠲᠡᠶ᠃ | ᠬᠡᠷᠡᠭᠯᠡᠭᠴᠢ ᠶᠢᠨ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠶᠢ ᠠᠰᠢᠭᠯᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠵᠦ ᠪᠠᠶᠢᠬᠤ ᠶᠢ | ᠬᠠᠩᠭᠠᠭᠴᠢ ᠣᠯᠵᠤ ᠮᠡᠳᠡᠪᠡᠯ᠂ ᠬᠠᠤᠯᠢ ᠶᠣᠰᠣᠭᠠᠷ ᠭᠡᠷ᠎ᠡ ᠶᠣᠰᠣᠭᠠᠷ ᠬᠤᠯᠪᠣᠭᠳᠠᠯ ᠪᠥᠬᠦᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠥᠬᠦᠶ | ᠲᠡᠮᠳᠡᠭᠯᠡᠯ ᠢ ᠬᠠᠳᠠᠭᠠᠯᠠᠬᠤ ᠶᠢᠨ ᠬᠠᠮᠲᠤ ᠬᠤᠯᠪᠣᠭᠳᠠᠯ ᠪᠥᠬᠦᠶ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠲᠣᠳᠤᠷᠬᠠᠢ ᠲᠤᠭᠳᠠᠭᠠᠪᠠ᠃ | ᠠᠰᠠᠭᠤᠯᠲᠠ᠄ ︽ᠠᠷᠭ᠎ᠠ︾ ᠳᠤ ᠵᠠᠭᠠᠯᠳᠤᠬᠤ᠂ ᠢᠯᠡᠴᠢᠯᠡᠨ ᠮᠡᠳᠡᠭᠦᠯᠬᠦ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ︽ᠠᠷᠭ᠎ᠠ︾ ᠳᠤ ᠬᠠᠩᠭᠠᠭᠴᠢ ᠵᠠᠭᠠᠯᠳᠤᠬᠤ᠂ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠭᠠᠯᠳᠤᠬᠤ᠂ ᠢᠯᠡᠴᠢᠯᠡᠨ | ᠮᠡᠳᠡᠭᠦᠯᠬᠦ ᠳᠥᠭᠦᠮ ᠳᠥᠲᠡ ᠭᠠᠵᠠᠷ ᠭᠠᠷᠭᠠᠵᠤ᠂ ᠰᠢᠢᠳᠪᠦᠷᠢᠯᠡᠬᠦ ᠶᠠᠪᠤᠴᠠ ᠪᠠ ᠬᠠᠷᠢᠭᠤ ᠲᠤᠰᠬᠠᠬᠤ ᠴᠠᠭ ᠤᠨ ᠬᠢᠵᠠᠭᠠᠷ ᠢ ᠨᠡᠶᠢᠲᠡᠯᠡᠵᠦ᠂ ᠨᠡᠶᠢᠲᠡ ᠣᠯᠠᠨ ᠤ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠶ ᠳᠤ ᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ ᠭᠡᠵᠦ ᠲᠣᠭᠲᠠᠭᠠᠪᠠ᠃ ᠬᠡᠷᠡᠭᠯᠡᠭᠴᠢ ᠠᠴᠠ ᠡᠭᠦᠰᠦᠮᠡᠯ | ᠬᠡᠯᠪᠡᠷᠢ ᠶᠢᠨ ᠵᠣᠬᠢᠶᠠᠮᠠᠯ ᠣᠶᠤᠨᠯᠢᠭ ᠤᠨ ᠦᠢᠯᠡᠴᠢᠯᠡᠭᠡ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠣᠰ ᠠᠷᠭ᠎ᠠ ᠶᠢᠨ ᠲᠣᠭᠲᠠᠭᠠᠯ ᠳᠤ | ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠬᠤ᠂ ᠢᠯᠡᠴᠢᠯᠡᠨ ᠮᠡᠳᠡᠭᠦᠯᠬᠦ | ᠡᠷᠬᠡ ᠲᠠᠢ᠃ | |