7 ᠰᠠᠷ᠎ᠠ ᠶᠢᠨ 27 ᠤ ᠡᠳᠦᠷ᠂ ᠨᠠᠮ ᠤᠨ ᠭᠡᠰᠢᠭᠦᠨ ᠺᠠᠳ᠋ᠷ ᠤᠨ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠬᠤᠰᠢᠭᠤᠴᠢ ᠵᠢᠱᠢᠶᠡᠴᠢ ᠦᠢᠯᠡᠳᠦᠯ ᠢ | ᠭᠦᠢᠴᠡᠳ ᠪᠠᠳᠠᠷᠠᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ︽ᠴᠠᠭᠳᠠᠭ᠎ᠠ ᠠᠷᠠᠳ ᠤᠨ ᠵᠢᠭᠠᠰᠤ | ᠤᠰᠤᠨ ᠤ ᠬᠠᠷᠢᠴᠠᠭ᠎ᠠ︾ ᠶᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠤᠰᠠᠳᠠ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠤᠨ ᠲᠠᠢ ᠧᠦ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ︽ᠬᠤᠤᠰ | ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃ | | | | ᠲᠤᠰ ᠤᠳᠠᠭᠠᠨ ᠤ ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠪᠢ ᠨᠡᠮᠡᠷᠢ ᠦᠵᠡᠭᠦᠯᠬᠦ ᠵᠣᠷᠢᠭ | ᠰᠠᠨᠠᠭ᠎ᠠ ᠪᠠᠨ ᠢᠳᠡᠪᠬᠢᠲᠡᠢ ᠪᠠᠳᠠᠷᠠᠭᠤᠯᠤᠨ᠂ ᠠᠵᠢᠯ ᠬᠤᠪᠢᠶᠠᠷᠢᠯᠠᠨ ᠬᠠᠮᠲᠤᠷᠠᠯᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠡᠢ᠃ ᠨᠡᠶᠢᠭᠡᠮ | ᠲᠣᠭᠤᠷᠢᠭ ᠤᠨ ᠣᠯᠠᠨ ᠲᠦᠮᠡᠨ ᠳᠤ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠶᠠᠳᠠᠭᠤ ᠬᠦᠴᠢᠷᠳᠡᠯᠳᠡᠢ ᠡᠷᠥᠬᠡ ᠶᠢ ᠲᠡᠳᠬᠦᠬᠦ᠂ | ᠵᠥᠷᠢᠴᠡᠯ ᠢ ᠵᠢᠭᠰᠠᠭᠠᠨ ᠪᠠᠶᠢᠴᠠᠭᠠᠬᠤ ᠵᠡᠷᠭᠡ ᠠᠵᠢᠯᠯᠠᠭ᠎ᠠ ᠬᠢᠵᠦ᠂ ᠨᠡᠶᠢᠭᠡᠮ ᠲᠣᠭᠤᠷᠢᠭ ᠲᠤ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠭᠤᠷᠢᠨ ᠭᠠᠵᠠᠷ ᠪᠠᠶᠢᠭᠤᠯᠵᠤ᠂ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠤᠭᠰᠠᠷᠠᠬᠤ ᠳᠤ | ᠬᠠᠪᠰᠤᠷᠬᠤ ᠪᠠᠷ ᠳᠠᠮᠵᠢᠭᠤᠯᠤᠨ᠂ ᠤᠬᠠᠭᠤᠯᠭ᠎ᠠ ᠶᠢᠨ ᠵᠠᠷᠯᠠᠯ ᠲᠠᠷᠬᠠᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠵᠢᠵᠢᠭ | ᠲᠣᠭᠤᠷᠢᠭ ᠤᠨ ᠥᠮᠴᠢᠲᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠬᠢᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠪᠦᠬᠦ ᠠᠷᠠᠳ ᠢᠶᠠᠷ ᠢᠶᠠᠨ | ᠬᠤᠣᠷ ᠴᠠᠭᠠᠵᠠᠯᠠᠬᠤ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠠᠭᠤᠯᠭ᠎ᠠ ᠶᠢ ᠲᠥᠭᠡᠮᠡᠯᠵᠢᠭᠦᠯᠪᠡ᠃ | | | | ᠬᠠᠮᠤᠭ ᠰᠡᠭᠦᠯ ᠳᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠲᠠᠢ ᠬᠠᠮᠲᠤ ᠪᠠᠷ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ | ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ | | | |