ᠾᠦᠢ ᠵᠧᠤ ᠲᠣᠮᠢᠯᠠᠭᠰᠠᠨ ᠰᠠᠯᠪᠤᠷᠢ ︽ᠬᠠᠶᠢᠷ᠎ᠠ ᠬᠠᠯᠠᠮᠵᠢ ᠶᠢᠨ ᠥᠷᠲᠡᠭᠡ ᠶᠢ ᠡᠬᠢᠯᠡᠭᠦᠯᠬᠦ ᠵᠢᠴᠢ ᠵᠠᠮ ᠬᠠᠷᠢᠯᠴᠠᠭᠠᠨ ᠤ ᠠᠶᠤᠯᠭᠦᠢ ᠶᠢᠨ ᠪᠣᠯᠪᠠᠰᠤᠷᠠᠯ ᠤᠨ ᠭᠤᠤᠯ ᠰᠡᠳᠦᠪᠲᠦ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2023/8/23
     7 ᠳ᠋ᠤᠭᠠᠷ ᠰᠠᠷ᠎ᠠ ᠶᠢᠨ 11 ᠤ ᠡᠳᠦᠷ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠾᠦᠢ ᠵᠧᠤ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠠᠮᠤᠷ ᠢ ᠬᠠᠮᠠᠭᠠᠯᠠᠬᠤ ᠣᠳᠣᠬᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠤᠢ ᠪᠤᠯᠭᠠᠬᠤ︾ ᠲᠤᠰᠬᠠᠢ ᠠᠵᠢᠯᠯᠠᠭ᠎ᠠ ᠲᠠᠢ ᠭᠦᠢᠴᠡᠳ ᠤᠶᠠᠯᠳᠤᠭᠤᠯᠵᠤ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠪᠦᠲᠦᠮᠵᠢᠲᠡᠢ ᠡᠬᠢ ᠪᠠᠶᠠᠯᠢᠭ ᠢ ᠨᠡᠶᠢᠳᠬᠡᠵᠦ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ᠂ ᠰᠢᠤ ᠱᠦᠢ ᠰᠠᠭᠤᠭᠠᠯᠢ ᠠᠷᠠᠳ ᠤᠨ ᠵᠥᠪᠯᠡᠯ ᠲᠠᠢ ᠬᠠᠮᠲᠤᠷᠠᠨ ︽ᠬᠠᠶᠢᠷ᠎ᠠ ᠬᠠᠯᠠᠮᠵᠢ ᠶᠢᠨ ᠦᠷᠳᠡᠭᠡ ᠶᠢ ᠡᠬᠢᠯᠡᠭᠦᠯᠬᠦ ᠵᠢᠴᠢ ᠵᠠᠮ ᠬᠠᠷᠢᠯᠴᠠᠭᠠᠨ ᠤ ᠠᠶᠤᠯᠭᠦᠢ ᠶᠢᠨ ᠪᠣᠯᠪᠠᠰᠤᠷᠠᠯ ᠤᠨ ᠭᠤᠣᠯ ᠰᠡᠳᠦᠪᠲᠦ ᠠᠵᠢᠯᠯᠠᠭ᠎ᠠ︾ ᠶᠢ ᠥᠷᠨᠢᠭᠦᠯᠵᠦ᠂ ᠠᠤᠬᠠᠨ ᠬᠤᠰᠢᠭᠤᠨ ᠤ ᠮᠧᠢ ᠲᠤᠸᠠᠨ ᠰᠢᠨ ᠬᠤᠢ ᠬᠤᠳᠠ ᠶᠢᠨ ᠲᠣᠭᠤᠷᠢᠭ ᠤᠨ ᠵᠠᠬᠢᠶᠠᠯᠠᠭ᠎ᠠ ᠶᠢᠨ ᠬᠤᠭᠤᠯᠠ ᠬᠦᠷᠭᠡᠬᠦ ᠬᠦᠮᠦᠰ ᠠᠵᠢᠯᠯᠠᠭ᠎ᠠ ᠳᠤ ᠣᠷᠣᠯᠴᠠᠪᠠ᠃
1.jpg  
     ᠲᠤᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠸᠧᠶ ᠮᠢᠩ ᠢᠦᠶ ᠵᠠᠬᠢᠶᠠᠯᠠᠭ᠎ᠠ ᠶᠢᠨ ᠬᠤᠭᠤᠯᠠ ᠬᠦᠷᠭᠡᠬᠦ ᠬᠦᠮᠦᠰ ᠢ ᠵᠣᠷᠢᠭᠵᠢᠭᠤᠯᠵᠤ᠂ ᠭᠠᠵᠠᠷ ᠣᠷᠤᠨ ᠤ ᠳᠠᠨᠢᠯᠲᠠ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠤᠬᠠᠭᠤᠯᠤᠭᠴᠢ᠂ ᠠᠮᠤᠷ ᠲᠦᠪᠰᠢᠨ ᠤ ᠠᠵᠢᠯᠲᠠᠨ᠂ ᠮᠡᠳᠡᠭᠡ ᠵᠠᠩᠭᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠪᠬᠢᠲᠡᠶ ᠪᠠᠷ ᠰᠦᠪᠡᠭᠴᠢ ᠬᠠᠩᠭᠠᠨ᠂ ᠠᠰᠠᠭᠤᠳᠠᠯ ᠪᠤᠶᠤ ᠰᠡᠵᠢᠭᠯᠡᠯᠲᠡᠶ ᠪᠠᠶᠢᠳᠠᠯ ᠢ ᠣᠯᠵᠤ ᠮᠡᠳᠡᠪᠡᠯ ᠳᠠᠷᠤᠶ ᠲᠦᠷᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ᠂ ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠳᠤ ᠨᠢᠭᠡ ᠬᠤᠪᠢ ᠬᠦᠴᠦᠨ ᠨᠡᠮᠡᠷᠢᠯᠡᠵᠦ᠂ ᠳᠠᠷᠠᠭ᠎ᠠ ᠨᠢ ᠲᠣᠮᠢᠯᠠᠭᠰᠠᠨ ᠰᠠᠯᠪᠤᠷᠢ ᠠᠴᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢᠨ ᠬᠠᠭᠤᠳᠠᠰᠤ ᠶᠢ ᠬᠠᠮᠵᠢᠨ ᠲᠠᠷᠬᠠᠭᠠᠪᠠ᠃ ᠳᠤᠮᠳᠠ ᠠᠩᠭᠢ ᠶᠢᠨ ᠳᠠᠷᠤᠭ᠎ᠠ ᠽᠦᠸᠧ ᡁᠢ ᠳ᠋ᠠ ᠲᠤᠬᠠᠶ ᠶᠢᠨ ᠲᠠᠯᠠᠪᠤᠷ ᠲᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠪᠤᠷᠢᠯᠠᠬᠤ ᠪᠠ ᠬᠠᠷᠢᠯᠴᠠᠨ ᠠᠰᠠᠭᠤᠯᠲᠠ ᠬᠠᠷᠢᠭᠤᠯᠲᠠ ᠥᠭᠬᠦ ᠵᠡᠷᠭᠡ ᠬᠡᠯᠪᠡᠷᠢ ᠶᠢ ᠠᠪᠴᠤ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠬᠦᠮᠦᠰ ᠢ ᠡᠳᠦᠷ ᠲᠤᠲᠤᠮ ᠤᠨ ᠭᠠᠳᠠᠭᠰᠢ ᠭᠠᠷᠬᠤ ᠳᠤᠮᠳᠠ ᠤᠬᠠᠮᠰᠠᠷ ᠠᠴᠠ ᠪᠠᠨ ︽ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠥᠬᠡᠶ᠂ ᠲᠡᠷᠭᠡ ᠵᠢᠯᠣᠭᠤᠳᠬᠤ ᠳᠤ ᠪᠠᠨ ᠠᠷᠢᠬᠢ ᠤᠤᠭᠤᠬᠤ ᠥᠬᠡᠶ︾ ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠲᠡᠷᠭᠡ ᠵᠢᠯᠣᠭᠤᠳᠴᠤ ᠶᠠᠪᠤᠵᠤ ᠰᠠᠭᠤᠬᠤ ᠳᠤ ᠪᠠᠨ ᠰᠠᠨᠠᠭᠠᠴᠢᠯᠠᠭ᠎ᠠ ᠠᠴᠠ ᠪᠠᠨ ᠶᠠᠪᠠᠭᠠᠨ ᠬᠥᠮᠦᠨ ᠳᠤ ᠨᠠᠶᠢᠷ ᠲᠠᠯᠪᠢᠵᠤ᠂ ᠵᠠᠮ ᠳᠡᠭᠡᠷ᠎ᠡ ᠳᠤᠷ᠎ᠠ ᠪᠠᠷ ᠢᠶᠠᠨ ᠬᠥᠨᠳᠡᠯᠡᠨ ᠭᠤᠯᠳᠤ ᠪᠠᠷ ᠶᠠᠪᠤᠬᠤ ᠥᠬᠡᠶ᠂ ᠤᠯᠠᠭᠠᠨ ᠨᠣᠭᠤᠭᠠᠨ ᠳ᠋ᠧᠩ ᠠᠴᠠ ᠵᠥᠷᠢᠴᠡᠬᠦ ᠥᠬᠡᠶ᠂ ᠠᠮᠤᠷ ᠲᠦᠪᠰᠢᠨ᠂ ᠪᠣᠯᠪᠠᠰᠤᠨ ᠢᠶᠠᠷ ᠠᠶᠠᠯᠠᠬᠤ᠂ ᠠᠮᠤᠷ ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠤᠢ ᠪᠣᠯᠭᠠᠬᠤ ᠶᠢ ᠬᠦᠳᠦᠯᠦᠨ ᠵᠢᠯᠤᠭᠤᠳᠪᠠ᠃
3.jpg  
     ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯ ᠳᠤ ᠤᠯᠠᠮ ᠨᠢᠭᠡ ᠠᠯᠬᠤᠮ ᠪᠠᠲᠤ ᠪᠠᠬᠢ ᠰᠠᠭᠤᠷᠢ ᠶᠢ ᠲᠠᠯᠪᠢᠵᠤ᠂ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠳᠤ ᠪᠦᠲᠦᠮᠵᠢᠲᠡᠶ ᠬᠦᠴᠦᠨ ᠨᠡᠮᠡᠷᠢᠯᠡᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ