ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠡᠳ᠋ ᠳᠠᠷᠤᠭ᠎ᠠ ᠸᠠᠩ ᠸᠧᠨ ᠶᠥᠩ ᠠᠴᠠ ᠬᠤᠣᠷ | ᠴᠠᠭᠠᠵᠠᠯᠠᠬᠤ ᠶᠡᠭᠡ ᠠᠩᠭᠢ᠂ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭᠠᠨ ᠤ ᠶᠡᠭᠡ ᠠᠩᠭᠢ᠂ | ᠣᠷᠴᠢᠨ ᠲᠤᠭᠤᠷᠢᠨ ᠢᠳᠡᠭᠡᠨ ᠡᠮ ᠵᠦᠢᠯᠡᠰ ᠢ ᠲᠣᠷᠰᠢᠨ ᠪᠠᠶᠢᠴᠠᠭᠠᠬᠤ ᠶᠡᠭᠡ ᠠᠩᠭᠢ ᠵᠢᠴᠢ ᠪᠣᠭᠳᠠ ᠠᠭᠤᠯᠠ ᠶᠢᠨ ᠤᠯᠤᠰ ᠤᠨ ᠥᠮᠴᠢᠯᠡᠯᠲᠦ ᠣᠢ ᠰᠢᠭᠤᠢ ᠶᠢᠨ | ᠲᠠᠯᠠᠪᠠᠢ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢ ᠲᠠᠶᠢᠴᠢᠯᠠᠨ ᠬᠠᠷᠢᠶᠠᠲᠤ ᠣᠷᠣᠨ ᠤ ᠪᠣᠳᠠᠲᠠᠢ ᠲᠠᠢ ᠪᠠᠨ | ᠨᠢᠭᠲᠠ ᠤᠶᠠᠯᠳᠤᠭᠤᠯᠤᠨ ᠪᠣᠭᠳᠠ ᠠᠭᠤᠯᠠ ᠶᠢᠨ ᠣᠢ ᠰᠢᠭᠤᠢ ᠶᠢᠨ ᠲᠠᠯᠠᠪᠠᠢ ᠳᠤ ᠭᠦᠨᠵᠡᠭᠡᠶᠢᠷᠡᠨ ᠬᠤᠤᠷᠲᠤ ᠡᠳ᠋ ᠤᠨ ᠣᠤᠯ ᠤᠷᠭᠤᠮᠠᠯ ᠢ ᠠᠷᠢᠯᠭᠠᠬᠤ ᠠᠵᠢᠯᠯᠠᠭ᠎ᠠ | ᠥᠷᠨᠢᠭᠦᠯᠪᠡ᠃ | | | | ᠪᠠᠶᠢᠴᠠᠭᠠᠬᠤ ᠶᠠᠪᠤᠴᠠ ᠳᠤ᠂ ᠭᠤᠣᠯᠳᠠᠯᠭ᠎ᠠ ᠲᠠᠢ ᠪᠠ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ | ︽ᠲᠠᠪᠤ ᠶᠢ ᠲᠠᠯᠪᠢᠵᠤ ᠭᠠᠷᠭᠠᠬᠤ ᠦᠭᠡᠢ︾ ᠵᠠᠷᠴᠢᠮ ᠢ ᠪᠠᠷᠢᠮᠲᠠᠯᠠᠬᠤ ᠶᠢᠨ ᠬᠠᠮᠲᠤ᠂ ᠵᠢᠯᠣᠭᠤᠴᠢ ᠦᠭᠡᠢ ᠨᠢᠰᠬᠡᠯ ᠤᠨ ᠥᠨᠳᠥᠷ ᠣᠭᠲᠠᠷᠭᠤᠢ ᠶᠢᠨ ᠬᠠᠷᠠᠭ᠎ᠠ ᠥᠷᠭᠡᠨ᠂ | ᠬᠢᠨᠠᠨ ᠬᠡᠮᠵᠢᠬᠦ ᠬᠡᠪᠴᠢᠶ᠎ᠡ ᠶᠡᠭᠡ᠂ ᠬᠠᠷᠠᠭᠠᠰᠤ ᠠᠮᠢᠳᠤᠯᠢᠭ ᠪᠥᠭᠡᠳ ᠬᠤᠪᠢᠷᠠᠯᠲᠠ ᠶᠡᠬᠡᠲᠡᠢ ᠪᠠᠶᠢᠬᠤ ᠳᠠᠪᠠᠭᠤᠯᠢᠭ ᠢ ᠭᠦᠢᠴᠡᠳ ᠠᠰᠢᠭᠯᠠᠨ ᠪᠦᠬᠦ ᠲᠠᠯ᠎ᠠ ᠪᠠᠷ᠂ | ᠪᠦᠬᠦᠨ ᠢ ᠬᠠᠮᠤᠷᠤᠭᠰᠠᠨ᠂ ᠥᠨᠴᠥᠭ ᠪᠤᠯᠤᠩ ᠦᠯᠡᠳᠡᠭᠡᠬᠦ ᠦᠭᠡᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠪᠡ᠃ ᠲᠤᠰ ᠤᠳᠠᠭ᠎ᠠ ᠬᠠᠮᠲᠤᠷᠠᠨ ᠪᠠᠶᠢᠴᠠᠭᠠᠬᠤ | ᠠᠵᠢᠯᠯᠠᠭ᠎ᠠ ᠳᠤ 12 ᠴᠠᠭᠳᠠᠭᠠᠨ ᠤ ᠬᠦᠴᠦᠨ᠂ 4 ᠴᠠᠭᠳᠠᠭᠠᠨ ᠤ ᠲᠡᠷᠭᠡ᠂ 1 ᠵᠢᠯᠣᠭᠤᠴᠢ ᠦᠭᠡᠢ ᠨᠢᠰᠬᠡᠯ ᠢ ᠬᠥᠳᠡᠯᠭᠡᠵᠦ᠂ ᠬᠤᠣᠷᠲᠤ ᠡᠳ᠋ ᠤᠨ ᠤᠤᠯ ᠤᠷᠭᠤᠮᠠᠯ | ᠵᠢᠴᠢ ᠰᠡᠵᠢᠭᠯᠡᠯᠲᠡᠢ ᠭᠠᠵᠠᠷ ᠪᠠᠶᠢᠬᠤ ᠶᠢ ᠣᠯᠵᠤ ᠮᠡᠳᠡᠭᠰᠡᠨ ᠦᠭᠡᠢ᠂ 30 ᠭᠠᠷᠤᠢ ᠺᠠᠳ᠋ᠷ ᠢ ᠳᠠᠶᠢᠴᠢᠯᠠᠵᠤ᠂ 300 ᠭᠠᠷᠤᠢ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ | | | | ᠳᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠤᠣᠷᠲᠤ ᠡᠳ᠋ ᠤᠨ ᠣᠤᠯ ᠤᠷᠭᠤᠮᠠᠯ | ᠲᠠᠷᠢᠬᠤ ᠶᠢ ᠴᠠᠭᠠᠵᠠᠯᠠᠵᠤ ᠪᠠᠶᠢᠴᠠᠭᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠥᠷᠨᠢᠭᠦᠯᠵᠦ᠂ ᠬᠠᠤᠯᠢ ᠪᠤᠰᠤ ᠪᠠᠷ ᠳᠠᠷᠢᠬᠤ ᠤᠤᠯ ᠤᠷᠭᠤᠮᠠᠯ ᠤᠨ ᠣᠷᠣᠨ ᠵᠠᠢ ᠶᠢ | ᠬᠠᠮᠤᠭ ᠤᠨ ᠶᠡᠭᠡ ᠬᠡᠮᠵᠢᠶ᠎ᠡ ᠪᠠᠷ ᠰᠢᠬᠠᠨ ᠳᠠᠷᠤᠬᠤ ᠶᠢᠨ ᠬᠠᠮᠲᠤ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠰᠢᠭᠤᠶᠢᠲᠤ | ᠣᠷᠣᠨ ᠤ ᠠᠵᠢᠯ ᠡᠷᠬᠢᠯᠡᠭᠰᠡᠳ ᠤᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ︽ᠬᠤᠣᠷ ᠪᠠᠶᠢᠪᠠᠯ ᠵᠠᠪᠠᠯ ᠠᠷᠢᠯᠭᠠᠬᠤ᠂ ᠬᠤᠣᠷ ᠳᠠᠷᠢᠪᠠᠯ | ᠵᠠᠪᠠᠯ ᠨᠡᠬᠡᠮᠵᠢᠯᠡᠬᠦ︾ ᠠᠭᠤᠷ ᠠᠮᠢᠰᠬᠤᠯ ᠢ ᠪᠣᠢ ᠪᠣᠯᠭᠠᠵᠤ᠂ ᠬᠤᠣᠷ ᠦᠭᠡᠢ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠰᠤᠭᠠᠢ᠃ | | ᠮᠡᠳᠡᠭᠡᠯᠡᠭᠴᠢ᠄ ᠵᠡᠬᠦᠨ ᠦᠵᠦᠮᠦᠴᠢᠨ ᠬᠤᠰᠢᠭᠤᠨ ᠤ ᠲᠣᠳᠣᠭᠠᠲᠣ ᠶᠢ ᠬᠠᠮᠠᠭᠠᠯᠠᠬᠤ ᠲᠣᠪᠴᠢᠶᠠᠨ ᠤ ᠰᠠᠷᠠᠩᠭᠤᠸ᠎ᠠ᠂ ᠲᠠᠨᠢᠭᠡᠷ | |