ᠰᠢᠨ ᠯᠢᠨ ᠲᠣᠮᠢᠯᠠᠭᠰᠠᠨ ᠰᠠᠯᠪᠤᠷᠢ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/9/11
      8 ᠳ᠋ᠤᠭᠠᠷ ᠰᠠᠷ᠎ᠠ ᠶᠢᠨ 3 ᠤ ᠡᠳᠦᠷ᠂ ᠪᠥᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠥᠷᠭᠡᠨ ᠣᠯᠠᠨ ᠤ ᠬᠤᠤᠷ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ᠂ ︽ᠡᠷᠡᠭᠦᠯ ᠡᠩᠬᠡ ᠡᠶ᠎ᠡ ᠵᠣᠬᠢᠴᠠᠯ ᠲᠠᠢ᠂ ᠪᠥᠬᠦ ᠠᠷᠠᠳ ᠢᠶᠠᠷ ᠢᠶᠠᠨ ᠬᠤᠤᠷᠲᠤ ᠡᠳ᠋ ᠢ ᠴᠠᠭᠠᠵᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ ᠯᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠳᠤ ᠪᠠᠨ ᠭᠦᠨᠵᠡᠭᠡᠶᠢᠷᠡᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
1.jpg  
     ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠷᠢᠶᠠᠲᠤ ᠣᠷᠣᠨ ᠤ ᠣᠯᠠᠨ ᠲᠦᠮᠡᠨ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠬᠡᠷᠡᠭ ᠢ ᠰᠢᠭᠦᠬᠦ ᠵᠡᠷᠭᠡ ᠬᠡᠯᠪᠡᠷᠢ ᠪᠠᠷ ᠨᠠᠭᠠᠰᠢ ᠴᠠᠭᠠᠰᠢ ᠥᠩᠭᠡᠷᠡᠬᠦ ᠬᠦᠮᠦᠰ ᠲᠤ ᠤᠯᠤᠰ ᠤᠨ ᠬᠤᠤᠷᠲᠤ ᠡᠳ᠋ ᠢ ᠴᠠᠭᠠᠵᠠᠯᠠᠬᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠲᠠᠶᠢᠯᠪᠤᠷᠢᠯᠠᠵᠤ᠂ ᠪᠠᠶᠢᠩᠭᠤ ᠲᠣᠬᠢᠶᠠᠯᠳᠤᠳᠠᠭ ᠬᠤᠤᠷᠲᠤ ᠡᠳ᠋᠂ ᠰᠢᠨ᠎ᠡ ᠬᠡᠯᠪᠡᠷᠢ ᠶᠢᠨ ᠬᠤᠤᠷᠲᠤ ᠡᠳ᠋ ᠬᠢᠭᠡᠳ ᠨᠡᠶᠢᠯᠡᠮᠡᠯ ᠬᠤᠤᠷᠲᠤ ᠡᠳ᠋ ᠤᠨ ᠲᠥᠷᠥᠯ ᠵᠦᠢᠯ᠂ ᠣᠨᠴᠠᠯᠢᠭ ᠰᠢᠨᠵᠢ ᠵᠢᠴᠢ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ᠂ ᠨᠡᠶᠢᠭᠡᠮ ᠳᠤ ᠤᠴᠠᠷᠠᠭᠤᠯᠬᠤ ᠬᠤᠤᠷ ᠬᠥᠨᠥᠭᠡᠯ ᠢ ᠲᠠᠶᠢᠯᠪᠤᠷᠢᠯᠠᠨ ᠥᠭᠪᠡ᠃ ᠢᠯᠠᠩᠭᠤᠶ᠎ᠠ ᠵᠠᠯᠠᠭᠤᠴᠤᠳ ᠪᠠᠭᠠᠴᠤᠳ ᠤᠨ ᠨᠠᠶᠢᠵᠠ ᠨᠥᠬᠦᠳ ᠲᠠᠢ ᠪᠠᠨ ᠪᠣᠯᠭᠤᠮᠵᠢᠲᠠᠶ ᠶᠠᠪᠤᠯᠴᠠᠵᠤ᠂ ᠥᠪᠡᠷ ᠤᠨ ᠲᠥᠭᠡᠷᠢᠭᠳᠡᠯ ᠤᠨ ᠲᠤᠬᠠᠶ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠲᠠᠨᠢᠯ ᠪᠤᠰᠤ ᠬᠥᠮᠦᠰ ᠤᠨ ᠬᠠᠩᠭᠠᠭᠰᠠᠨ ᠲᠠᠮᠠᠬᠢ᠂ ᠤᠮᠳᠠᠭᠠᠨ ᠵᠢᠴᠢ ᠢᠳᠡᠭᠡᠨ ᠤ ᠵᠦᠢᠯ ᠢ ᠭᠥᠯᠢᠶᠡᠨ ᠠᠪᠬᠤ ᠥᠬᠡᠶ ᠪᠠᠶᠢᠬᠤ ᠬᠡᠷᠡᠭᠲᠡᠶ ᠭᠡᠵᠦ ᠰᠠᠨᠠᠭᠤᠯᠪᠠ᠃ ᠡᠭᠦᠨ ᠤ ᠬᠠᠮᠲᠤ᠂ ᠣᠯᠠᠨ ᠢᠶᠠᠷ ᠢᠶᠠᠨ ᠳᠡᠷᠭᠡᠳᠡᠬᠢ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠠᠷᠠᠳ ᠨᠡᠶᠢᠲᠡ ᠪᠠᠷ ᠢᠶᠠᠨ ᠬᠤᠤᠷᠲᠤ ᠡᠳ᠋ ᠢ ᠡᠰᠡᠷᠭᠦᠴᠡᠨ ᠬᠤᠷᠢᠭᠯᠠᠬᠤ᠂ ᠬᠤᠤᠷᠲᠤ ᠡᠳ᠋ ᠢ ᠴᠠᠭᠠᠵᠠᠯᠠᠬᠤ ᠲᠡᠮᠡᠴᠡᠯ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠰᠠᠶᠢᠨ ᠰᠠᠶᠢᠬᠠᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃
 2.jpg 
     ᠲᠠᠷᠠᠭᠠᠴᠢ ᠶᠢᠨ ᠠᠯᠬᠤᠮ ᠳᠤ᠂ ᠰᠢᠨ ᠯᠢᠨ ᠲᠣᠮᠢᠯᠠᠭᠰᠠᠨ ᠰᠠᠯᠪᠤᠷᠢ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠪᠠ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠲᠡᠪᠴᠢᠬᠦ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ︽ᠡᠷᠡᠭᠦᠯ ᠴᠢᠭᠢᠷᠠᠭ ᠠᠮᠢᠳᠤᠷᠠᠯ᠂ ᠪᠣᠬᠢᠷᠲᠤᠯ ᠥᠬᠡᠶ ᠬᠤᠤᠷ ᠥᠬᠡᠶ︾ ᠪᠠᠶᠢᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠤᠤᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠬᠠᠨ ᠳᠠᠷᠤᠵᠤ᠂ ᠪᠥᠬᠦ ᠠᠷᠠᠳ ᠤᠨ ᠬᠤᠤᠷᠲᠤ ᠡᠳ᠋ ᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠦᠨ᠎ᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ