8 ᠳ᠋ᠤᠭᠠᠷ ᠰᠠᠷ᠎ᠠ ᠶᠢᠨ 29 ᠤ ᠡᠳᠦᠷ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠷᠢᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ | ᠦᠨᠡᠨ ᠬᠦ ᠴᠢᠩᠭᠠᠳᠬᠠᠵᠤ᠂ ᠬᠡᠤᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠠᠳᠡᠯ ᠢ ᠬᠤᠷᠢᠭᠯᠠᠨ ᠵᠣᠭᠰᠣᠭᠠᠵᠤ᠂ ᠬᠡᠤᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ | ᠪᠤᠶᠢᠵᠢᠬᠤ ᠶᠢ ᠠᠬᠢᠭᠤᠯᠬᠤ ᠶᠢᠨ ᠲᠦᠯᠦᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶᠠᠨ ᠤ | ᠲᠦᠩ ᠳ᠋ᠣᠣ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠷᠢᠶᠠᠲᠤ ᠲᠣᠭᠤᠷᠢᠭ ᠤᠨ ᠬᠤᠲᠣᠩ ᠦᠨᠳᠦᠰᠦᠲᠡᠨ ᠤ | ᠨᠢᠭᠡᠳᠦᠭᠡᠷ ᠬᠡᠦᠬᠡᠳ ᠤᠨ ᠴᠡᠴᠡᠷᠯᠢᠭ ᠲᠤ ᠬᠦᠷᠴᠦ᠂ ︽ᠰᠤᠷᠭᠠᠭᠤᠯᠢ ᠶᠢᠨ ᠠᠮᠤᠷ ᠲᠥᠪᠰᠢᠨ ᠢ ᠴᠢ ᠪᠢᠳᠡ ᠬᠠᠮᠲᠤᠪᠠᠷ ᠪᠠᠢᠭᠤᠯᠬᠤ︾ ᠭᠤᠣᠯ ᠰᠡᠳᠦᠪᠲᠦ ᠠᠮᠤᠷ | ᠲᠥᠪᠰᠢᠨ ᠤ ᠰᠤᠷᠭᠠᠨ ᠬᠥᠮᠦᠵᠢᠯ ᠤᠨ ᠲᠠᠢᠯᠤᠮᠵᠢ ᠥᠷᠨᠢᠭᠦᠯᠵᠦ᠂ ᠬᠡᠦᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠲᠠᠳ ᠲᠤ ᠨᠢᠭᠡᠨ ᠠᠮᠢᠳᠤᠯᠢᠭ ᠠᠮᠤᠷ | ᠲᠥᠪᠰᠢᠨ ᠤ ᠰᠤᠷᠭᠠᠨ ᠬᠥᠮᠦᠵᠢᠯ ᠤᠨ ᠮᠡᠳᠡᠯᠭᠡ ᠶᠢᠨ ᠲᠠᠢᠯᠤᠮᠵᠢ ᠶᠢ ᠠᠪᠴᠢᠷᠠᠭᠰᠠᠨ ᠪᠠᠢᠨ᠎ᠠ᠃ | | | | ᠲᠠᠶᠢᠯᠤᠮᠵᠢ ᠳᠤ᠂ ᠠᠷᠠᠳ ᠤᠨ ᠴᠠᠭᠳᠠᠭ᠎ᠠ ᠬᠡᠤᠬᠡᠳ ᠤᠨ ᠴᠡᠴᠡᠷᠯᠢᠭ ᠤᠨ ᠠᠵᠢᠯ ᠤᠨ ᠳᠤᠮᠳᠠ ᠠᠩᠬᠠᠷᠬᠤ ᠪᠠ ᠰᠡᠷᠭᠡᠶᠢᠯᠡᠬᠦ ᠴᠢᠬᠤᠯᠠᠲᠠᠶ ᠠᠮᠤᠷ ᠲᠦᠪᠰᠢᠨ ᠤ | ᠠᠰᠠᠭᠤᠳᠠᠯ ᠲᠠᠢ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ᠂ ᠭᠠᠯ ᠰᠡᠷᠭᠡᠶᠢᠯᠡᠬᠦ᠂ ᠴᠠᠬᠢᠯᠭᠠᠨ ᠳᠤ | ᠴᠣᠬᠢᠭᠳᠠᠬᠤ ᠶᠢ ᠰᠡᠷᠭᠡᠶᠢᠯᠡᠬᠦ᠂ ᠮᠡᠬᠡᠯᠡᠨ ᠬᠢᠬᠠᠬᠤ ᠶᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠶᠢᠨ | ᠲᠣᠭᠤᠷᠢᠨ ᠳᠤ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠰᠠᠭᠤᠯᠲᠠ ᠬᠠᠷᠢᠭᠤᠯᠲᠠ | ᠥᠭᠬᠦ ᠵᠡᠷᠭᠡ ᠬᠡᠯᠪᠡᠷᠢ ᠪᠠᠷ ᠣᠯᠠᠨ ᠲᠠᠢ ᠢᠳᠡᠪᠬᠢᠲᠡᠶ ᠬᠥᠳᠡᠯᠦᠯᠴᠡᠵᠦ᠂ ᠠᠮᠢᠳᠤᠷᠠᠯ ᠤᠨ ᠳᠤᠮᠳᠠ ᠪᠠᠶᠢᠩᠭᠤ ᠲᠣᠬᠢᠶᠠᠯᠳᠤᠳᠠᠭ ᠪᠥᠭᠡᠳ ᠳᠠᠯᠳᠠ ᠠᠶᠤᠯ ᠵᠢᠴᠢ | ᠤᠷᠢᠳᠴᠢᠯᠠᠨ ᠰᠡᠷᠭᠡᠶᠢᠯᠡᠬᠦ ᠠᠷᠭ᠎ᠠ᠂ ᠠᠳᠡᠯ ᠤᠨ ᠳᠤᠮᠳᠠ ᠥᠪᠡᠷ ᠢ ᠪᠠᠨ ᠬᠡᠷᠬᠢᠨ ᠠᠪᠤᠷᠠᠬᠤ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠳᠡᠯᠭᠡ ᠶᠢ ᠪᠥᠬᠦ ᠲᠠᠯ᠎ᠠ ᠪᠠᠷ | ᠲᠠᠶᠢᠯᠪᠤᠷᠢᠯᠠᠵᠤ᠂ ᠥᠷᠭᠡᠨ ᠣᠯᠠᠨ ᠪᠠᠭᠰᠢ ᠠᠵᠢᠯᠲᠠᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠤᠯᠢ ᠲᠦᠷᠢᠮ ᠤᠨ ᠦᠵᠡᠯᠲᠡ ᠶᠢ ᠨᠢ ᠨᠡᠮᠡᠭᠳᠡᠭᠦᠯᠦᠨ᠂ | ᠬᠠᠤᠯᠢ ᠴᠠᠭᠠᠵᠠ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠨᠢ ᠴᠢᠩᠭᠠᠳᠬᠠᠪᠠ᠃ | | | | ᠲᠠᠶᠢᠯᠤᠮᠵᠢ ᠶᠢᠨ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠡᠤᠬᠡᠳ ᠤᠨ ᠴᠡᠴᠡᠷᠯᠢᠭ ᠤᠨ ᠠᠮᠤᠷ ᠢ ᠬᠠᠮᠠᠭᠠᠯᠠᠬᠤ ᠠᠵᠢᠯᠲᠠᠨ ᠳᠤ | ᠬᠦᠴᠦᠷᠬᠡᠭᠯᠡᠯ ᠢ ᠰᠡᠷᠭᠡᠶᠢᠯᠡᠬᠦ ᠰᠦᠷᠴᠢᠯᠲᠡ᠂ ᠴᠠᠭᠳᠠᠭᠠᠨ ᠤ ᠰᠢᠳᠠᠮ ᠵᠡᠷᠭᠡ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠬᠢᠨ ᠰᠢᠨᠵᠢᠯᠡᠬᠦ ᠤᠬᠠᠭᠠᠨᠴᠢ ᠪᠠᠷ | ᠬᠡᠷᠡᠭᠯᠡᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠦᠨ ᠠᠵᠢᠯᠯᠠᠵᠤ᠂ ᠲᠡᠳᠡᠨ ᠢ ᠬᠠᠪᠰᠤᠷᠤᠨ ᠬᠡᠷᠡᠭᠯᠡᠬᠦ ᠤᠷ᠎ᠠ ᠮᠡᠷᠭᠡᠵᠢᠯ ᠢ ᠦᠳᠲᠡᠷ ᠲᠦᠷᠭᠡᠨ | ᠡᠵᠡᠮᠰᠢᠭᠦᠯᠵᠦ᠂ ᠰᠣᠷᠢᠯᠲᠠ ᠪᠠᠷ ᠪᠣᠳᠠᠲᠤ ᠪᠠᠶᠢᠯᠳᠤᠭᠠᠨ ᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ | ᠦᠨᠡᠨ ᠬᠦ ᠴᠢᠩᠭᠠᠳᠬᠠᠪᠠ᠃ | | | | ᠠᠮᠤᠷ ᠲᠦᠪᠰᠢᠨ ᠤ ᠠᠵᠢᠯ ᠪᠣᠯ ᠬᠡᠦᠬᠡᠳ ᠤᠨ ᠴᠡᠴᠡᠷᠯᠢᠭ ᠤᠨ ᠠᠵᠢᠯ ᠤᠨ ᠴᠢᠬᠤᠯᠠ ᠠᠴᠠ ᠴᠢᠬᠤᠯᠠ ᠵᠦᠢᠯ ᠮᠥᠨ᠂ ᠲᠦᠭ ᠲᠦᠮᠡᠨ ᠠᠶᠢᠯ ᠡᠷᠦᠬᠡ ᠶᠢᠨ | ᠵᠣᠯ ᠵᠢᠷᠭᠠᠯ ᠠᠮᠤᠷ ᠲᠣᠭᠲᠠᠭᠤᠨ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠲᠣᠰ ᠤᠳᠠᠭᠠᠨ ᠤ ᠲᠠᠶᠢᠯᠤᠮᠵᠢ ᠨᠢ ᠪᠠᠭᠰᠢ | ᠠᠵᠢᠯᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠴᠠᠭᠳᠠᠭ᠎ᠠ ᠪᠣᠯᠤᠨ ᠰᠤᠷᠭᠠᠭᠤᠯᠢ ᠶᠢᠨ ᠬᠤᠭᠤᠷᠣᠨᠳᠣᠬᠢ | ᠬᠠᠷᠢᠯᠴᠠᠭ᠎ᠠ ᠬᠤᠯᠪᠣᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠠᠮᠲᠤ ᠪᠠᠷ ᠭᠠᠷ ᠬᠤᠯᠪᠣᠨ ᠬᠡᠦᠬᠡᠳ ᠤᠳ ᠲᠤ ᠠᠮᠤᠷ ᠲᠣᠭᠲᠠᠭᠤᠨ᠂ ᠡᠶ᠎ᠡ ᠵᠣᠬᠢᠴᠠᠯ ᠲᠠᠢ | ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃ | |