ᠴᠠᠭᠳᠠᠨ ᠲᠣᠭᠤᠷᠢᠬᠤ ᠶᠠᠪᠤᠴᠠ ᠳᠤ ᠪᠠᠨ ᠲᠥᠭᠡᠷᠢᠭᠰᠡᠨ ᠨᠠᠰᠤᠲᠠᠨ ᠡᠵᠢ ᠶᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2023/9/11
      ᠬᠦᠬᠡᠬᠤᠲᠠ ᠶᠢᠨ ᠢᠦᠢ ᠴᠢᠤᠸᠠᠨ ᠲᠤᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠶᠡᠭᠡ ᠡᠮᠦᠨ᠎ᠡ ᠵᠡᠭᠡᠯᠢ ᠲᠣᠮᠢᠯᠠᠭᠰᠠᠨ ᠰᠠᠯᠪᠤᠷᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠡᠳᠬᠢᠯ ᠲᠠᠯᠪᠢᠨ ᠤᠯᠠᠨ ᠲᠦᠮᠡᠨ ᠳᠤ ᠪᠣᠳᠠᠲᠠᠢ ᠶᠠᠪᠤᠳᠠᠯ ᠪᠠ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠨ᠂ ᠬᠠᠷᠢᠶ᠎ᠠ ᠣᠷᠣᠨ ᠤ ᠤᠯᠠᠨ ᠲᠦᠮᠡᠨ ᠤ ᠲᠠᠶᠢᠪᠤᠩᠲᠤ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠪᠡ᠃
 图片1.png 
     8 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠶᠡᠭᠡ ᠡᠮᠦᠨ᠎ᠡ ᠵᠡᠭᠡᠯᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠢᠶᠠᠷ ᠲᠣᠭᠤᠷᠢᠨ ᠴᠠᠭᠳᠠᠬᠤ ᠳᠤ ᠪᠠᠨ᠂ ᠨᠢᠭᠡᠨ ᠨᠠᠰᠤᠲᠠᠨ ᠡᠵᠢ ᠵᠡᠭᠡᠯᠢ ᠭᠤᠳᠤᠮᠵᠢ ᠪᠠᠷ ᠨᠠᠭᠠᠰᠢ ᠴᠠᠭᠠᠰᠢ ᠠᠯᠬᠤᠯᠠᠵᠤ ᠪᠠᠶᠢᠭ᠎ᠠ ᠶᠢ ᠣᠯᠵᠤ ᠬᠠᠷᠠᠭᠠᠳ ᠲᠡᠷᠭᠡ ᠪᠠᠨ ᠵᠣᠭᠰᠤᠭᠠᠭᠠᠳ ᠬᠠᠵᠠᠭᠤ ᠳᠤ ᠨᠢ ᠬᠦᠷᠴᠦ ᠪᠠᠶᠢᠳᠠᠯ ᠢ ᠣᠶᠢᠯᠠᠭᠠᠬᠤ ᠳᠤ᠂ ᠭᠡᠷ ᠲᠤ ᠪᠠᠨ ᠬᠠᠷᠢᠬᠤ ᠵᠠᠮ ᠢᠶᠠᠨ ᠡᠷᠢᠵᠦ ᠣᠯᠬᠤ ᠦᠭᠡᠢ ᠣᠶᠢᠷ᠎ᠠ ᠬᠠᠪᠢ ᠪᠠᠷ ᠡᠷᠭᠢᠴᠡᠵᠦ ᠪᠠᠶᠢᠬᠤ ᠶᠢ ᠮᠡᠳᠡᠪᠡ᠃ ᠠᠷᠠᠳ ᠤᠨ ᠴᠠᠭᠳᠠᠭ᠎ᠠ ᠨᠠᠰᠤᠲᠠᠨ ᠡᠵᠢ ᠶᠢᠨ ᠲᠠᠮᠢᠷ ᠬᠦᠴᠦ ᠪᠠᠷᠤᠭᠲᠠᠢ ᠪᠠᠶᠢᠬᠤ ᠶᠢ ᠣᠯᠵᠤ ᠬᠠᠷᠠᠭᠠᠳ᠂ ᠤᠷᠢᠳ ᠢᠶᠠᠷ ᠰᠠᠯᠪᠤᠷᠢ ᠳᠤ ᠪᠠᠨ ᠠᠪᠠᠴᠢᠵᠤ ᠤᠰᠤ ᠣᠤᠭᠤᠯᠭᠠᠵᠤ ᠰᠡᠳᠭᠢᠯ ᠰᠠᠨᠠᠭ᠎ᠠ ᠶᠢ ᠨᠢ ᠠᠮᠤᠷᠵᠢᠭᠤᠯᠬᠤ ᠶᠢᠨ ᠬᠠᠮᠲᠤ ᠭᠡᠷ ᠤᠨ ᠬᠥᠮᠦᠰ ᠲᠠᠢ ᠨᠢ ᠬᠤᠯᠪᠣᠭ᠎ᠠ ᠠᠪᠴᠤ ᠥᠭᠪᠡ᠃ ᠨᠠᠰᠤᠲᠠᠨ ᠤ ᠬᠦᠦ ᠶᠠᠩ ᠠᠪᠤᠭᠠᠶ ᠮᠡᠳᠡᠭᠡ ᠣᠯᠣᠭᠰᠠᠨ ᠤ ᠳᠠᠷᠠᠭ᠎ᠠ ᠲᠣᠮᠢᠯᠠᠭᠰᠠᠨ ᠰᠠᠯᠪᠤᠷᠢ ᠳᠤ ᠬᠦᠷᠴᠦ ᠢᠷᠡᠭᠡᠳ ᠡᠵᠢ ᠪᠠᠨ ᠲᠣᠰᠪᠠ᠃     
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ