ᠬᠤᠤᠷ ᠴᠠᠭᠠᠵᠠᠯᠠᠬᠤ ᠭᠤᠤᠯ ᠰᠡᠳᠦᠪᠲᠦ ᠠᠩᠭᠢ ᠶᠢᠨ ᠬᠤᠷᠠᠯ ᠢ ᠡᠷᠭᠢᠯᠡᠵᠦ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2023/9/11
    ᠵᠠᠯᠠᠭᠤᠴᠤᠳ ᠪᠠᠭᠠᠴᠤᠳ ᠪᠣᠯ ᠤᠯᠤᠰ ᠤᠨ ᠬᠦᠰᠡᠯ ᠡᠷᠡᠮᠡᠯᠵᠡᠯ ᠮᠥᠨ᠂ ᠦᠨᠳᠦᠰᠦᠲᠡᠨ ᠤ ᠢᠷᠡᠭᠡᠳᠦᠢ ᠮᠥᠨ᠃ ᠵᠠᠯᠠᠭᠤᠴᠤᠳ ᠪᠠᠭᠠᠴᠤᠳ ᠬᠤᠣᠷ ᠲᠠᠲᠠᠬᠤ  ᠨᠢ ᠵᠥᠪᠬᠡᠨ ᠥᠪᠡᠷ ᠤᠨ ᠨᠢᠭᠡ ᠨᠠᠰᠤ ᠪᠠᠨ ᠰᠦᠢᠳᠬᠡᠭᠰᠡᠨ ᠢᠶᠠᠷ ᠪᠠᠷᠠᠬᠤ ᠦᠭᠡᠢ᠂ ᠪᠠᠰᠠ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠃ ᠡᠶᠢᠮᠦ ᠠᠴᠠ ᠪᠢᠳᠡ ᠡᠷᠬᠡᠪᠰᠢ ︽ᠠᠮᠢ ᠨᠠᠰᠤ ᠪᠠᠨ ᠨᠠᠨᠳᠢᠩᠨᠠᠨ ᠬᠤᠤᠷᠲᠤ ᠡᠳ᠋ ᠠᠴᠠ ᠬᠤᠯᠠ ᠵᠠᠶᠢᠯᠠᠬᠤ︾ ᠶᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ︕
 图片1.png 
     ᠣᠶᠢᠷ᠎ᠠ ᠳᠤ᠂ ᠬᠦᠬᠡᠬᠤᠲᠠ ᠶᠢᠨ ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠰᠢᠶᠠᠨ ᠤ ᠦᠨᠳᠦᠰᠦᠲᠡᠨ ᠤ ᠰᠤᠷᠭᠠᠭᠤᠯᠢ ᠳᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ︽ᠬᠤᠤᠷ ᠴᠠᠭᠠᠵᠠᠯᠠᠬᠤ ᠨᠢᠭᠡᠳᠦᠭᠡᠷ ᠬᠢᠴᠢᠶᠡᠯ︾ ᠤᠨ ᠭᠤᠤᠯ ᠰᠡᠳᠦᠪᠲᠦ ᠠᠩᠭᠢ ᠶᠢᠨ ᠬᠤᠷᠠᠯ ᠥᠷᠨᠢᠭᠦᠯᠪᠡ᠃     ᠠᠩᠭᠢ ᠶᠢᠨ ᠬᠤᠷᠠᠯ ᠳᠡᠭᠡᠷ᠎ᠡ᠂ ᠠᠷᠠᠳ ᠤᠨ ᠴᠠᠭᠳᠠᠭ᠎ᠠ ᠶᠠᠭᠤᠨ ᠤ ᠡᠮᠦᠨ᠎ᠡ ᠬᠤᠤᠷᠲᠤ ᠡᠳ᠋᠂ ᠬᠤᠤᠷᠲᠤ ᠡᠳ᠋ ᠤᠨ ᠲᠥᠷᠦᠯ ᠵᠦᠢᠯ᠂ ᠬᠤᠤᠷᠲᠤ ᠡᠳ᠋ ᠢ ᠬᠡᠷᠬᠢᠨ ᠬᠡᠷᠬᠢᠨ ᠢᠯᠭᠠᠨ ᠲᠠᠨᠢᠬᠤ᠂ ᠵᠠᠯᠠᠭᠤᠴᠤᠳ ᠪᠠᠭᠠᠴᠤᠳ ᠬᠡᠷᠬᠢᠨ ᠬᠤᠤᠷᠲᠤ ᠡᠳ᠋ ᠠᠴᠠ ᠵᠠᠶᠢᠯᠠᠨ ᠬᠤᠷᠯᠠᠭᠳᠠᠬᠤ ᠵᠡᠷᠭᠡ ᠳᠥᠷᠪᠡᠨ ᠲᠠᠯ᠎ᠠ ᠪᠠᠷ ᠲᠠᠶᠢᠯᠤᠮᠵᠢ ᠬᠢᠵᠦ᠂ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠵᠢᠷᠤᠭ ᠪᠢᠴᠢᠭ ᠢ ᠬᠤᠣᠰᠯᠠᠭᠤᠯᠤᠭᠰᠠᠨ᠂ ᠬᠢᠯᠪᠠᠷ ᠣᠶᠢᠯᠠᠭᠠᠮᠵᠢᠲᠠᠶ ᠬᠡᠷᠡᠯ ᠵᠢᠷᠤᠭ ᠤᠨ ᠥᠯᠢᠭᠡᠷ ᠢᠶᠠᠷ ᠳᠠᠮᠵᠢᠭᠤᠯᠤᠨ᠂ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠤᠤᠷᠲᠤ ᠡᠳ᠋ ᠠᠴᠠ ᠬᠤᠯᠠᠳᠠᠭᠤᠯᠵᠤ᠂ ᠰᠤᠷᠤᠭᠴᠢᠳ ᠢ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠴᠢᠨᠠᠷ ᠤᠨ ᠲᠤᠬᠠᠶ ᠲᠣᠳᠣᠷᠬᠠᠶ ᠲᠠᠨᠢᠯᠲᠠ ᠲᠠᠢ ᠪᠣᠯᠭᠠᠬᠤ ᠶᠢᠨ ᠬᠠᠮᠲᠤ ᠰᠤᠷᠤᠭᠴᠢᠳ ᠠᠴᠠ ᠠᠰᠠᠭᠤᠯᠲᠠ ᠠᠰᠠᠭᠤᠵᠤ᠂ ᠬᠤᠤᠷ ᠲᠠᠲᠠᠭᠴᠢ ᠶᠢ ᠬᠡᠷᠬᠢᠨ ᠢᠯᠭᠠᠨ ᠲᠠᠨᠢᠬᠤ᠂ ᠬᠤᠤᠷᠲᠤ ᠡᠳ᠋ ᠠᠴᠠ ᠬᠡᠷᠬᠢᠨ ᠬᠤᠯᠠ ᠵᠠᠶᠢᠯᠠᠬᠤ᠂ ᠬᠠᠵᠠᠭᠤ ᠬᠠᠪᠢ ᠳᠠᠬᠢ ᠬᠤᠤᠷ ᠲᠠᠲᠠᠭᠴᠢ ᠶᠢ ᠬᠡᠷᠬᠢᠨ ᠠᠷᠭᠠᠴᠠᠭᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠰᠤᠷᠤᠭᠴᠢᠳ ᠡᠭᠡᠯᠵᠢᠯᠡᠨ ᠶᠠᠷᠢᠶ᠎ᠠ ᠲᠠᠯᠪᠢᠵᠤ᠂ ᠬᠦᠷ ᠬᠥᠭᠵᠢᠶᠡᠨ ᠲᠠᠢ ᠪᠥᠭᠡᠳ ᠰᠠᠶᠢᠨ ᠰᠠᠶᠢᠬᠠᠨ ᠳᠤᠷ᠎ᠠ ᠰᠣᠨᠢᠷᠬᠠᠯ ᠲᠠᠢ ᠪᠣᠯᠵᠣ᠂ ᠠᠮᠢ ᠨᠠᠰᠤ ᠪᠠᠨ ᠨᠠᠨᠳᠢᠩᠨᠠᠵᠤ᠂ ᠬᠤᠤᠷᠲᠤ ᠡᠳ᠋ ᠠᠴᠠ ᠬᠤᠯᠠ ᠵᠠᠶᠢᠳᠠᠭᠤᠯᠤᠨ᠎ᠠ ᠭᠡᠵᠦ ᠢᠯᠡᠷᠬᠡᠶᠢᠯᠡᠪᠡ᠃
图片3.png  
     ᠳᠠᠷᠠᠭ᠎ᠠ ᠨᠢ ᠠᠷᠠᠳ ᠤᠨ ᠴᠠᠭᠳᠠᠭ᠎ᠠ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ᠂ ᠨᠡᠶᠢᠭᠡᠮ ᠤᠨ ᠬᠦᠨᠳᠦ ᠨᠣᠴᠢᠲᠠᠶ ᠴᠢᠨᠠᠷ ᠢ ᠲᠠᠶᠢᠯᠪᠤᠷᠢᠯᠠᠵᠤ᠂ ᠬᠡᠷᠬᠢᠨ ᠢᠯᠭᠠᠨ ᠲᠠᠨᠢᠬᠤ᠂ ᠤᠷᠢᠳᠴᠢᠯᠠᠨ ᠰᠡᠷᠭᠡᠶᠢᠯᠡᠬᠦ᠂ ᠬᠤᠤᠷᠲᠤ ᠡᠳ᠋ ᠤᠨ ᠥᠳᠥᠭᠡᠯᠭᠡ ᠶᠢ ᠲᠡᠪᠴᠢᠬᠦ ᠬᠠᠮᠢᠶ᠎ᠠ ᠪᠥᠬᠦᠶ ᠮᠡᠳᠡᠯᠭᠡ ᠵᠢᠴᠢ ᠬᠤᠤᠷᠲᠤ ᠡᠳ᠋ ᠢ ᠴᠠᠭᠠᠵᠠᠯᠠᠬᠤ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠶᠢᠨ ᠬᠠᠮᠲᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠬᠤᠤᠷᠲᠤ ᠡᠳ᠋ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠴᠢᠭᠢᠷᠠᠭ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠪᠣᠬᠢᠷᠲᠤᠯ ᠥᠬᠡᠶ ᠬᠤᠤᠷ ᠥᠬᠡᠶ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠲᠠᠷᠠᠭᠠᠴᠢ ᠶᠢᠨ ᠠᠯᠬᠤᠮ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢᠨ ᠬᠡᠯᠪᠡᠷᠢ ᠵᠢᠴᠢ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠥᠷᠭᠡᠨ ᠳᠡᠯᠭᠡᠷ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠬᠤᠤᠷᠲᠤ ᠡᠳ᠋ ᠢ ᠡᠰᠡᠷᠭᠦᠴᠡᠨ ᠬᠤᠷᠢᠭᠯᠠᠵᠤ᠂ ᠬᠤᠤᠷ ᠲᠤ ᠶᠠᠭᠠᠬᠢᠭᠰᠠᠨ ᠴᠤ ᠤᠶᠢᠷᠠᠳᠬᠤ ᠥᠬᠡᠶ ᠤᠬᠠᠮᠰᠠᠷ ᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠵᠦ᠂ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠢ ᠴᠠᠭᠠᠵᠠᠯᠠᠬᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠳᠤ ᠣᠷᠣᠯᠴᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠤᠤᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ