ᠣᠶᠢᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠳᠤᠯᠠᠬᠤ᠂ ᠬᠦᠨᠳᠦ ᠶᠡᠭᠡ ᠣᠨᠴᠠ ᠶᠡᠭᠡ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ | ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠲᠥᠰᠦᠯ︾ ᠤᠨ | ᠱᠠᠭᠠᠷᠳᠠᠯᠭ᠎ᠠ ᠶᠣᠰᠣᠭᠠᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠠᠷᠠᠳ ᠤᠨ | ᠴᠠᠭᠳᠠᠭ᠎ᠠ ᠶᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠠᠨ ᠰᠢᠩ ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ ᠤᠨ ᠲᠤᠰᠬᠠᠶ ᠡᠵᠡᠩᠨᠡᠯᠲᠡ ᠶᠢᠨ | ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠲᠥᠷᠥᠯ ᠤᠨ ᠶᠡᠭᠡ | ᠪᠠᠶᠢᠴᠠᠭᠠᠯᠲᠠ ᠥᠷᠨᠢᠭᠦᠯᠪᠡ᠃ | | | | ᠲᠣᠰ ᠤᠳᠠᠭᠠᠨ ᠤ ᠭᠤᠤᠯᠳᠠᠯᠭ᠎ᠠ ᠲᠠᠢ ᠪᠠᠶᠢᠴᠠᠭᠠᠯᠲᠠ ᠨᠢ ᠨᠢᠭᠡ ᠳᠤ᠂ ᠬᠠᠮᠢᠶ᠎ᠠ ᠪᠥᠬᠦᠶ ᠡᠯ᠎ᠡ ᠲᠥᠷᠥᠯ ᠤᠨ ᠡᠬᠡ ᠲᠠᠩᠰᠠ ᠶᠢ ᠪᠠᠶᠢᠴᠠᠭᠠᠵᠤ᠂ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ | ᠲᠣᠳᠣᠷᠬᠠᠢ︾ ᠪᠠᠶᠢᠬᠤ ᠶᠢ ᠪᠡᠶᠡᠯᠡᠭᠦᠯᠪᠡ︔ ᠬᠤᠶᠠᠷ ᠲᠤ᠂ ᠲᠠᠯᠠᠪᠤᠷ ᠭᠠᠵᠠᠷ ᠤᠨ ᠳᠣᠲᠣᠷᠠᠬᠢ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠪᠠᠶᠢᠳᠠᠯ᠂ | ᠬᠥᠮᠥᠷᠭᠡᠯᠡᠨ ᠬᠠᠳᠠᠭᠠᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠂ ᠪᠠᠷᠢᠮᠵᠢᠶ᠎ᠠ ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠭᠰᠡᠨ᠂ ︽ᠬᠥᠮᠦᠨ ᠢᠶᠠᠷ | ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ︔ ᠭᠤᠷᠪᠠ ᠳᠤ᠂ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ | ᠤᠬᠠᠮᠰᠠᠷ ᠢ ᠴᠢᠩᠭᠠᠳᠬᠠᠵᠤ᠂ ᠬᠥᠳᠡᠯᠮᠦᠷᠢ ᠶᠢᠨ ᠬᠤᠷᠢᠭ᠎ᠠ ᠱᠤᠭᠤᠮ ᠤᠨ ᠰᠡᠳᠬᠢᠬᠦᠶ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠪᠠ᠃ ᠪᠠᠶᠢᠴᠠᠭᠠᠯᠲᠠ ᠶᠢᠨ ᠳᠤᠮᠳᠠ᠂ ᠠᠷᠠᠳ ᠤᠨ ᠴᠠᠭᠳᠠᠭ᠎ᠠ ᠠᠨ ᠰᠢᠩ ᠠᠷᠠᠳ ᠤᠨ | ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ ᠤᠨ ᠲᠤᠰᠬᠠᠶ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ ︽ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ | ᠴᠢᠩᠭ᠎ᠠ ᠬᠠᠮᠢᠶᠠᠷᠤᠨ ᠡᠵᠡᠮᠳᠡᠬᠦ ᠠᠷᠪᠠᠨ ᠵᠤᠷᠪᠤᠰ ᠲᠣᠭᠲᠠᠭᠠᠯ︾ ᠢ ᠴᠢᠩᠭ᠎ᠠ ᠵᠢᠷᠤᠮᠯᠠᠨ ᠰᠥᠨᠢ ᠪᠠᠷ ᠴᠠᠭ ᠪᠦᠷᠢ ᠨᠢᠭᠡ ᠤᠳᠠᠭ᠎ᠠ ᠲᠣᠭᠤᠷᠢᠨ ᠪᠠᠶᠢᠴᠠᠭᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠶᠢ ᠣᠯᠵᠤ ᠮᠡᠳᠡᠭᠡᠳ᠂ ᠠᠮᠤᠷ ᠢ ᠬᠠᠮᠠᠭᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠤᠬᠠᠶ ᠶᠢᠨ | ᠲᠠᠯᠠᠪᠤᠷ ᠲᠤ ᠲᠣᠰ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠲᠡᠭᠦᠨ ᠢ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | | | | ᠣᠶᠢᠷ᠎ᠠ ᠳᠤ᠂ ᠠᠷᠠᠳ ᠤᠨ ᠴᠠᠭᠳᠠᠭ᠎ᠠ ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠤᠯᠠᠭᠠᠨᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠳᠤ ᠬᠦᠷᠴᠦ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤ ᠮᠡᠳᠡᠭᠦᠯᠦᠯᠲᠡ ᠬᠢᠪᠠ᠃ ᠲᠤᠰ ᠠᠵᠤ | ᠠᠬᠤᠶᠢᠯᠠᠯ ᠤᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ ᠪᠣᠯᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠰᠡᠷᠭᠡᠭ ᠢᠶᠠᠷ ᠲᠠᠨᠢᠵᠤ᠂ ᠠᠶᠤᠯᠲᠠᠢ ᠳᠡᠯᠪᠡᠷᠡᠬᠦ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ | ᠦᠢᠯᠡᠳᠪᠦᠷᠢᠯᠡᠯ᠂ ᠡᠵᠡᠩᠨᠡᠯᠲᠡ ᠶᠢᠨ ᠠᠵᠢᠯᠯᠠᠭ᠎ᠠ ᠳᠤ ᠦᠨᠡᠨ ᠬᠦ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠴᠠᠭ | ᠲᠤᠬᠠᠶ ᠳᠤ ᠨᠢ ᠠᠷᠢᠯᠭᠠᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠪᠡ᠃ | | |