ᠣᠶᠢᠷ᠎ᠠ ᠳᠤ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠨ ᠥᠷᠨᠢᠭᠦᠯᠬᠦ ᠶᠢ ᠪᠦᠬᠦ | ᠬᠦᠴᠦᠨ ᠢᠶᠠᠷ ᠠᠬᠢᠭᠤᠯᠬᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠣᠢ | ᠪᠣᠯᠭᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠬᠤ᠂ ᠡᠩᠨᠡᠭᠡᠨ ᠤ ᠪᠣᠳᠠᠲᠤ ᠪᠠᠢᠯᠳᠤᠭᠠᠨ ᠤ ᠪᠣᠯᠪᠠᠰᠤᠷᠠᠯ ᠤᠨ ᠬᠢᠷᠢ ᠲᠥᠪᠰᠢᠨ ᠢ ᠬᠦᠴᠦᠯᠡᠨ | ᠳᠡᠭᠡᠭᠰᠢᠯᠡᠭᠦᠯᠬᠦ᠂ ᠭᠡᠨᠡᠳᠲᠡ ᠶᠢᠨ ᠪᠠᠶᠢᠳᠠᠯ ᠢ ᠠᠷᠭᠠᠴᠠᠬᠤ ᠪᠠ ᠪᠤᠳᠤᠯᠢᠶᠠᠨᠲᠠᠢ ᠪᠠᠶᠢᠳᠠᠯ ᠢ ᠡᠵᠡᠮᠳᠡᠬᠦ ᠪᠣᠳᠠᠲᠤ ᠳᠠᠶᠢᠨ ᠤ ᠴᠢᠳᠠᠪᠤᠷᠢ ᠪᠠᠨ ᠲᠠᠰᠤᠷᠠᠯᠲᠠ ᠦᠭᠡᠢ | ᠴᠢᠩᠭᠠᠳᠬᠠᠬᠤ ᠶᠢᠨ ᠲᠥᠯᠥᠭᠡ᠂ ᠬᠢᠩᠭᠠᠨ ᠠᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠢᠮᠡᠭᠡ ᠮᠡᠳᠡᠭᠡ ᠵᠢᠯᠣᠭᠤᠳᠬᠤ ᠲᠥᠪ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠵᠣᠬᠢᠶᠠᠨ ᠪᠠᠢᠭᠤᠯᠵᠤ ︽ᠤᠯᠠᠭᠠᠨ ᠬᠥᠬᠡ ᠡᠰᠡᠷᠭᠦᠴᠡᠯᠳᠦᠯ︾ ᠤᠨ ᠪᠣᠳᠠᠲᠤ | ᠪᠠᠢᠯᠳᠤᠭᠠᠨ ᠤ ︽ᠴᠠᠪᠴᠢᠬᠤ ᠶᠢ ᠰᠡᠷᠭᠡᠶᠢᠯᠡᠬᠦ᠂ ᠳᠠᠭᠠᠷᠢᠯᠲᠠ ᠶᠢ ᠰᠡᠷᠭᠡᠶᠢᠯᠡᠬᠦ᠂ ᠳᠡᠯᠪᠡᠷᠡᠯᠳᠡ ᠶᠢ ᠰᠡᠷᠭᠡᠶᠢᠯᠡᠬᠦ︾ ᠵᠡᠷᠭᠡ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠰᠣᠷᠢᠯᠲᠠ ᠥᠷᠨᠢᠭᠦᠯᠪᠡ᠃ | | | | ᠰᠣᠷᠢᠯᠲᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠢᠶ᠎ᠠ ᠣᠷᠣᠨ ᠤ ᠳᠣᠲᠣᠷᠠᠬᠢ ᠲᠠᠰᠢᠷᠠᠮ ᠢᠶᠠᠷ ᠰᠣᠩᠭᠤᠭᠰᠠᠨ ᠭᠠᠵᠠᠷ ᠲᠤ | ᠴᠠᠭᠳᠠᠭᠤᠯ ᠤᠨ ᠪᠠᠶᠢᠳᠠᠯ ᠢ ᠳᠠᠭᠤᠷᠢᠶᠠᠵᠤ᠂ ᠵᠠᠷᠯᠢᠭ ᠢ ᠣᠯᠤᠭᠰᠠᠨ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ | ᠲᠥᠷᠦᠯ ᠤᠨ ᠴᠠᠭᠳᠠᠭᠠᠨ ᠤ ᠶᠡᠭᠡ ᠠᠩᠭᠢ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠪᠠᠷ ᠴᠠᠭᠳᠠᠭᠠᠨ ᠤ ᠬᠦᠴᠦᠨ ᠪᠣᠯᠭᠠᠭᠰᠠᠨ ︽ᠤᠯᠠᠭᠠᠨ ᠤ ᠲᠠᠯ᠎ᠠ︾ ᠪᠣᠯᠭᠠᠨ ᠠᠷᠭᠠᠴᠠᠨ ᠰᠢᠢᠳᠪᠦᠷᠢᠯᠡᠵᠦ᠂ ᠴᠠᠭᠳᠠᠭᠠᠨ ᠤ ᠬᠤᠷᠳᠤᠴᠠ᠂ ᠰᠢᠢᠳᠪᠦᠷᠢᠯᠡᠬᠦ | ᠶᠠᠪᠤᠴᠠ᠂ ᠳᠤᠭᠤᠶᠢᠯᠠᠩ ᠬᠠᠮᠵᠢᠯᠴᠠᠬᠤ᠂ ᠴᠠᠭᠳᠠᠭᠠᠨ ᠤ ᠪᠠᠭᠠᠵᠢ ᠬᠡᠷᠡᠭᠰᠡᠯ ᠢ ᠬᠡᠷᠡᠭᠯᠡᠬᠦ᠂ ᠪᠠᠶᠢᠯᠳᠤᠬᠤ ᠠᠷᠭ᠎ᠠ ᠶᠢᠨ ᠬᠥᠳᠡᠯᠭᠡᠭᠡᠨ ᠵᠡᠷᠭᠡ ᠰᠣᠷᠢᠯᠲᠠ ᠶᠢᠨ | ᠠᠭᠤᠯᠭ᠎ᠠ ᠶᠢ ᠭᠤᠤᠯᠳᠠᠯᠭ᠎ᠠ ᠲᠠᠢ ᠳᠣᠪᠤᠶᠢᠯᠭᠠᠪᠠ᠃ ᠰᠣᠷᠢᠯᠲᠠ ᠨᠢ ᠬᠤᠪᠢ ᠬᠥᠮᠦᠨ ᠤ ᠬᠡᠲᠦᠷᠡᠮᠡᠬᠡᠢ ᠬᠡᠷᠡᠭ ᠤᠨ ᠴᠠᠭᠳᠠᠭᠠᠨ ᠤ ᠪᠠᠶᠢᠳᠠᠯ ᠢ ᠦᠨᠡᠨ ᠪᠣᠳᠠᠲᠠᠶ ᠪᠠᠷ | ᠳᠠᠭᠤᠷᠢᠶᠠᠵᠤ᠂ ᠠᠷᠠᠳ ᠤᠨ ᠴᠠᠭᠳᠠᠭ᠎ᠠ ᠶᠢᠨ ᠬᠤᠪᠢ ᠬᠥᠮᠦᠨ ᠤ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠵᠢᠯᠴᠠᠬᠤ ᠬᠢᠷᠢ | ᠲᠦᠪᠰᠢᠨ ᠢ ᠰᠢᠯᠭᠠᠨ ᠪᠠᠶᠢᠴᠠᠭᠠᠵᠤ᠂ ᠪᠦᠬᠦ᠋ᠢᠯᠡ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠡᠯ᠎ᠡ ᠭᠤᠭᠴᠤᠭ᠎ᠠ ᠶᠢᠨ ᠬᠠᠮᠵᠢᠯᠴᠠᠭ᠎ᠠ ᠨᠢᠭᠲᠠ | ᠪᠠᠶᠢᠵᠤ᠂ ᠪᠦᠬᠦ᠋ᠢᠯᠡ ᠪᠣᠳᠠᠲᠤ ᠪᠠᠶᠢᠯᠳᠤᠭᠠᠨ ᠤ ᠰᠣᠷᠢᠯᠲᠠ ᠶᠢ ᠤᠷᠤᠭᠰᠢᠲᠠᠶ ᠪᠡᠶᠡᠯᠡᠭᠦᠯᠪᠡ᠃ ᠰᠣᠷᠢᠯᠲᠠ ᠳᠤ ᠣᠷᠣᠯᠴᠠᠭᠰᠠᠨ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠶᠢᠨ ᠲᠤᠰᠬᠠᠯ ᠦᠳᠲᠡᠷ ᠲᠦᠷᠭᠡᠨ᠂ ᠲᠤᠰᠢᠶᠠᠯ ᠳᠠᠭᠠᠵᠤ᠂ ᠠᠶᠤᠯ ᠲᠦᠭᠰᠢᠭᠦᠷᠢ ᠶᠢᠨ ᠡᠮᠦᠨ᠎ᠡ ᠡᠮᠬᠢ ᠵᠠᠮᠪᠠᠷᠠᠭ᠎ᠠ ᠥᠬᠡᠶ᠂ | ︽ᠰᠡᠵᠢᠭᠲᠡᠨ︾ ᠢ ᠡᠮᠬᠢ ᠵᠢᠷᠤᠮ ᠲᠠᠢ ᠡᠵᠡᠮᠳᠡᠵᠦ᠂ ᠵᠢᠱᠢᠭᠰᠡᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃ | | | | ᠰᠣᠷᠢᠯᠲᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠵᠢᠯᠣᠭᠤᠳᠣᠭᠴᠢ ᠵᠢᠴᠢ ︽ᠬᠥᠬᠡ ᠲᠠᠯ᠎ᠠ︾ ᠤᠨ ᠰᠤᠷᠭᠠᠭᠴᠢ ᠠᠴᠠ ︽ᠤᠯᠠᠭᠠᠨ ᠤ | ᠲᠠᠯ᠎ᠠ︾ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠠᠭᠳᠠᠭᠤᠯ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠠᠬᠢ ᠴᠠᠭᠳᠠᠭᠤᠯ ᠤᠨ ᠶᠠᠪᠤᠳᠠᠯ ᠤᠨ | ᠤᠷ᠎ᠠ ᠴᠢᠳᠠᠪᠤᠷᠢ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ᠂ ᠠᠮᠤᠷ ᠲᠦᠪᠰᠢᠨ ᠤ ᠣᠶᠢᠯᠠᠭᠠᠭᠳᠠᠬᠤᠨ ᠵᠡᠷᠭᠡ ᠲᠠᠯ᠎ᠠ ᠪᠠᠷ ᠲᠤᠬᠠᠶ ᠶᠢᠨ ᠲᠠᠯᠠᠪᠠᠶ ᠶᠢᠨ ᠦᠨᠡᠯᠡᠯᠲᠡ ᠪᠠ | ᠵᠢᠯᠣᠭᠤᠳᠣᠯᠭ᠎ᠠ ᠬᠢᠪᠠ᠃ | | |