ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠳᠤ ᠬᠦᠷᠴᠦ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/14
      2023 ᠣᠨ ᠤ 9 ᠰᠠᠷ᠎ᠠ ᠶᠢᠨ 10  ᠤ ᠡᠳᠦᠷ ᠪᠣᠯ ᠮᠠᠨ ᠤ ᠤᠯᠤᠰ ᠤᠨ 39 ᠳ᠋ᠤᠭᠠᠷ ᠪᠠᠭᠰᠢ ᠶᠢᠨ ᠪᠠᠶᠠᠷ ᠤᠨ ᠡᠳᠦᠷ ᠪᠣᠯᠣᠨ᠎ᠠ᠃ ᠮᠦᠨ ᠴᠤ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠤ ᠳᠠᠷᠠᠭᠠᠬᠢ ᠠᠩᠬᠠᠳᠠᠭᠴᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠃ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠠᠭᠰᠢ ᠰᠤᠷᠤᠭᠴᠢᠳ ᠤᠨ ᠶᠠᠪᠤᠵᠤ ᠰᠠᠭᠤᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠵᠠᠯᠠᠭᠤ ᠪᠠᠭᠠᠴᠤᠳ ᠤᠨ ᠠᠮᠤᠷ ᠲᠠᠶᠢᠪᠤᠩ ᠡᠷᠡᠭᠦᠯ ᠢᠶᠠᠷ ᠦᠰᠦᠨ ᠪᠣᠶᠢᠵᠢᠬᠤ ᠶᠢ ᠰᠠᠬᠢᠨ ᠬᠠᠮᠠᠭᠠᠯᠠᠵᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠶᠡᠭᠡ ᠠᠩᠭᠢ ᠶᠢᠨ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠬᠦᠷᠴᠦ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
DSC_0166.JPG
     ᠵᠠᠮ ᠬᠠᠷᠢᠯᠴᠠᠭᠠᠨ ᠤ ᠶᠡᠭᠡ ᠠᠩᠭᠢ ᠶᠢᠨ ᠴᠠᠭᠳᠠᠭ᠎ᠠ ᠵᠢᠷᠤᠭ ᠲᠦᠷᠰᠦ ᠳᠡᠯᠭᠡᠨ ᠦᠵᠡᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠴᠢᠶᠡᠯ ᠢ ᠨᠡᠪᠲᠡᠷᠡᠭᠦᠯᠬᠦ᠂ ᠱᠠᠩᠨᠠᠯ ᠲᠠᠢ ᠤᠷᠤᠯᠳᠤᠨ ᠬᠠᠷᠢᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂  ᠵᠠᠯᠠᠭᠤ ᠪᠠᠭᠠᠴᠤᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ  ᠵᠠᠮ ᠬᠡᠳᠦᠯᠬᠦ ᠳᠤ ᠠᠩᠬᠠᠠᠷᠬᠤ ᠵᠤᠶᠢᠯ᠂ ᠲᠡᠷᠭᠡᠨ ᠳᠤ ᠰᠠᠭᠤᠬᠤ ᠳᠤ ᠡᠷᠬᠡᠪᠰᠢ ᠮᠡᠳᠡᠬᠦ ᠵᠦᠢᠯ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠬᠠᠭᠤᠯᠤᠨ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠳᠤᠭᠤᠯᠠᠭ᠎ᠠ ᠶᠢ ᠵᠥᠪ ᠵᠡᠭᠦᠬᠦ᠂ ᠮᠠᠰᠢᠨ ᠲᠡᠷᠭᠡᠨ ᠳᠤ ᠰᠠᠭᠤᠬᠤ ᠳᠤ  ᠠᠶᠤᠯ ᠦᠭᠡᠢ ᠶᠢᠨ ᠪᠦᠰᠡ ᠶᠢ ᠵᠥᠪ ᠬᠡᠷᠡᠭᠯᠡᠬᠦ ᠵᠡᠷᠭᠡ ᠵᠠᠮ ᠬᠠᠷᠢᠯᠴᠠᠭᠠᠨ ᠤ ᠰᠠᠭᠤᠷᠢ ᠮᠡᠳᠡᠯᠭᠡ  ᠶᠢᠨ ᠤᠬᠠᠭᠤᠯᠭ᠎ᠠ ᠶᠢᠨ ᠬᠥᠮᠥᠵᠢᠯ ᠤᠨ ᠠᠵᠢᠯᠯᠠᠭ᠎ᠠ ᠬᠢᠭᠰᠡᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠮᠠᠰᠢ ᠰᠠᠶᠢᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠣᠯᠣᠭᠰᠠᠨ ᠪᠠᠶᠢᠨ᠎ᠠ᠃
DSC_0100.JPG
      ᠲᠠᠷᠠᠭᠠᠴᠢ ᠶᠢᠨ ᠠᠯᠬᠤᠮ ᠳᠤ᠂ ᠬᠥᠪᠡᠭᠡᠲᠦ ᠰᠢᠷ᠎ᠠ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠠᠰᠠ ᠦᠷᠭᠦᠯᠵᠢᠯᠡᠨ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠵᠦ᠂ ᠥᠷᠭᠡᠨ ᠣᠯᠠᠨ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠷᠠᠬᠠᠨ ᠪᠠᠭ᠎ᠠ ᠠᠴᠠ ᠨᠢ ᠡᠷᠡᠭᠦᠯ ᠰᠠᠶᠢᠬᠠᠨ ᠵᠠᠮ ᠬᠠᠷᠢᠯᠴᠠᠭᠠᠨ ᠤ ᠵᠠᠩ ᠳᠠᠳᠬᠠᠯ ᠲᠠᠢ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ