ᠡᠵᠡᠨ ᠬᠤᠷᠤᠭ᠎ᠠ ᠬᠤᠰᠢᠭᠤᠨ ᠤ ᠴᠠᠭᠳᠠᠭᠠᠨ ᠤ ᠲᠠᠯ᠎ᠠ ᠶᠢᠨ ᠬᠢᠨ ᠦᠳᠲᠡᠷ ᠲᠦᠷᠭᠡᠨ ᠢᠶᠠᠷ ᠬᠥᠳᠡᠯᠦᠯᠴᠡᠵᠦ ᠨᠢᠭᠡ ᠡᠷᠡᠭᠲᠡᠢ ᠶᠢ ᠬᠠᠪᠰᠤᠷᠤᠨ 130 ᠭᠠᠷᠤᠶ ᠲᠦᠮᠡᠨ ᠲᠥᠭᠦᠷᠢᠭ ᠤᠨ ᠬᠤᠬᠢᠷᠠᠯ ᠠᠴᠠ ᠵᠠᠶᠢᠯᠠᠭᠤᠯᠪᠠ
ᠨᠡᠶᠢᠲᠡᠯᠡᠭᠰᠡᠨ ᠴᠠᠭ᠄
2023/9/19
    ᠣᠶᠢᠷ᠎ᠠ ᠳᠤ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠰᠠᠭᠤᠭᠠᠯᠢ ᠠᠷᠠᠳ ᠯᠢᠦ ᠠᠪᠤᠭᠠᠶ ︽00︾ ᠢᠶᠠᠷ ᠡᠬᠢᠯᠡᠯᠲᠡ ᠲᠠᠢ ᠤᠲᠠᠰᠤᠨ ᠤ ᠨᠣᠮᠧᠷ ᠢᠶᠠᠷ ᠢᠷᠡᠭᠦᠯᠦᠭᠰᠡᠨ ᠣᠬᠤᠷ ᠮᠡᠳᠡᠭᠡ ᠶᠢ ᠣᠯᠵᠤ᠂ ᠯᠢᠦ ᠠᠪᠤᠭᠠᠶ ᠶᠢᠨ ETC ᠺᠠᠷᠲ ᠨᠢ ᠮᠡᠳᠡᠭᠡ ᠵᠠᠩᠭᠢ ᠪᠦᠷᠢᠨ ᠪᠤᠰᠤ ᠤᠴᠢᠷ ᠠᠴᠠ ᠬᠡᠷᠡᠭᠯᠡᠯᠲᠡ ᠨᠢ ᠨᠢᠭᠡᠨᠲᠡ ᠲᠦᠷ ᠵᠣᠭᠰᠣᠵᠤ᠂ ᠴᠥᠷᠬᠡᠯᠡᠭᠡ ᠶᠢ ᠳᠠᠷᠤᠵᠤ ᠮᠠᠲ᠋ᠧᠷᠢᠶᠠᠯ ᠢᠶᠠᠨ ᠨᠥᠬᠦᠬᠦ ᠴᠢᠬᠤᠯᠠᠲᠠᠶ ᠪᠣᠯᠤᠭᠰᠠᠨ ᠢ ᠰᠠᠨᠠᠭᠤᠯᠪᠠ᠃
6.jpg
    ᠯᠢᠦ ᠠᠪᠤᠭᠠᠶ ᠦᠨᠡᠬᠡᠷ ETC ᠺᠠᠷᠲ ᠢᠶᠠᠨ ᠤᠳᠠᠭᠠᠨ ᠬᠡᠷᠡᠭᠯᠡᠭᠰᠡᠨ ᠥᠬᠡᠶ ᠠᠴᠠ ᠢᠲᠡᠭᠡᠭᠡᠳ ᠴᠥᠷᠬᠡᠯᠡᠭᠡ ᠶᠢ ᠳᠠᠷᠤᠵᠤ ᠣᠷᠣᠭᠠᠳ ᠰᠦᠯᠵᠢᠶᠡᠨ ᠤ ᠥᠷᠲᠡᠭᠡᠨ ᠤ ᠳᠠᠷᠠᠭᠠᠯᠠᠯ ᠢᠶᠠᠷ ᠬᠤᠪᠢ ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ ᠵᠢᠴᠢ ᠭᠠᠷ ᠤᠲᠠᠰᠤᠨ ᠤ ᠨᠣᠮᠧᠷ᠂ ᠪᠠᠩᠬᠢ ᠶᠢᠨ ᠺᠠᠷᠲ ᠤᠨ ᠨᠣᠮᠧᠷ᠂ ᠰᠢᠯᠭᠠᠨ ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ ᠪᠠᠨ ᠣᠷᠣᠭᠤᠯᠤᠭᠰᠠᠨ ᠤ ᠳᠠᠷᠠᠭ᠎ᠠ᠂ ᠥᠪᠡᠷ ᠤᠨ ᠪᠠᠩᠬᠢ ᠶᠢᠨ ᠺᠠᠷᠲ ᠤᠨ 7 ᠲᠦᠮᠡᠨ ᠲᠥᠭᠦᠷᠢᠭ ᠨᠢ ᠲᠡᠷᠡ ᠳᠠᠷᠤᠶ ᠳᠤ  ᠨᠢ ᠰᠠᠭᠤᠯᠭᠠᠨ ᠠᠪᠤᠭᠳᠠᠭᠰᠠᠨ ᠢ ᠣᠯᠵᠤ ᠮᠡᠳᠡᠵᠡᠶ᠂ ᠲᠡᠭᠡᠭᠡᠳ ᠯᠢᠦ ᠠᠪᠤᠭᠠᠶ ᠮᠡᠬᠡᠯᠡᠭᠳᠡᠭᠰᠡᠨ ᠮᠠᠭᠠᠳ ᠭᠡᠵᠦ ᠪᠣᠳᠣᠭᠠᠳ ᠲᠡᠷᠡ ᠳᠠᠷᠤᠶ ᠳᠤ ᠨᠢ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠰᠠᠭ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠬᠦᠷᠴᠦ ᠳᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠪᠠ᠃
5.jpg
     ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠮᠡᠬᠡᠯᠡᠯ ᠢ ᠡᠰᠡᠷᠭᠦᠴᠡᠬᠦ ᠲᠥᠪ ᠲᠠᠢ ᠬᠠᠷᠢᠯᠴᠠᠬᠤ ᠶᠢᠨ ᠵᠡᠷᠭᠡ ᠳᠤ ᠯᠢᠦ ᠠᠪᠤᠭᠠᠶ ᠶᠢ ᠳᠠᠭᠠᠭᠤᠯᠤᠨ ᠪᠠᠩᠬᠢ ᠳᠤ ᠬᠦᠷᠴᠦ᠂ ᠪᠠᠩᠬᠢ ᠶᠢᠨ ᠠᠵᠢᠯᠲᠠᠳ ᠢ ᠵᠣᠬᠢᠴᠠᠭᠤᠯᠵᠤ ᠪᠠᠶᠢᠭᠠᠳ ᠪᠠᠶᠢᠴᠠᠭᠠᠨ ᠯᠠᠪᠯᠠᠬᠤ ᠳᠤ᠂ ᠯᠢᠦ ᠠᠪᠤᠭᠠᠶ ᠶᠢᠨ ᠪᠠᠩᠬᠢ ᠶᠢᠨ ᠺᠠᠷᠲ ᠤᠨ ᠨᠢᠭᠤᠴᠠ ᠨᠣᠮᠧᠷ᠂ ᠭᠠᠷ ᠤᠲᠠᠰᠤᠨ ᠤ ᠪᠠᠩᠬᠢ ᠶᠢᠨ ᠨᠢᠭᠤᠴᠠ ᠨᠣᠮᠧᠷ ᠢ ᠴᠥᠮ ᠬᠠᠯᠠᠭᠳᠠᠭᠰᠠᠨ ᠢ ᠣᠯᠵᠤ ᠮᠡᠳᠡᠵᠡᠶ᠃ ᠪᠠᠩᠬᠢ ᠶᠢᠨ ᠠᠵᠢᠯᠲᠠᠨ ᠲᠡᠷᠡ ᠳᠠᠷᠤᠶ ᠳᠤ ᠨᠢ ᠪᠠᠩᠬᠢ ᠶᠢᠨ ᠺᠠᠷᠲ ᠢ ᠨᠢ ᠭᠡᠭᠡᠭᠰᠡᠨ ᠢᠶᠠᠷ ᠮᠡᠳᠡᠭᠦᠯᠵᠦ᠂ ᠯᠢᠦ ᠠᠪᠤᠭᠠᠶ ᠶᠢᠨ ᠺᠠᠷᠲ ᠲᠠᠬᠢ 130 ᠭᠠᠷᠤᠶ ᠲᠦᠮᠡᠨ ᠲᠥᠭᠦᠷᠢᠭ ᠤᠨ ᠬᠠᠳᠠᠭᠠᠯᠠᠮᠵᠢ ᠶᠢᠨ ᠵᠣᠭᠤᠰ ᠢ ᠠᠮᠵᠢᠯᠲᠠ ᠲᠠᠢ ᠪᠠᠷ ᠴᠡᠪᠳᠡᠭᠯᠡᠵᠦ᠂ ᠡᠳ᠋ ᠬᠥᠷᠥᠩᠭᠡ ᠶᠢᠨ ᠬᠤᠬᠢᠷᠠᠯ ᠠᠴᠠ ᠵᠠᠶᠢᠯᠠᠭᠤᠯᠪᠠ᠃
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ