ᠡᠷᠢᠶᠡᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠦ᠋ᠴᠢᠷ ᠲᠤᠬᠤᠨᠢᠭᠤᠯᠭ᠎ᠠ ᠶᠢᠨ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2023/9/19
      ︽ᠵᠤᠨ ᠤ ᠤᠯᠠᠷᠢᠯ ᠤᠨ ᠠᠵᠢᠯᠯᠠᠭ᠎ᠠ︾ ᠡᠬᠢᠯᠡᠭᠰᠡᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠥᠷᠭᠡᠨ ᠤᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠴᠡᠭᠴᠡᠯᠡᠨ ᠵᠠᠰᠠᠵᠤ ᠴᠣᠬᠢᠯᠲᠠ ᠥᠭᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠭᠰᠠᠭᠠᠷ ᠢᠷᠡᠵᠠᠢ᠃ ᠡᠷᠴᠢ ᠵᠣᠷᠢᠭ ᠢ ᠬᠥᠪᠴᠢᠯᠡᠵᠦ᠂ ᠲᠡᠮᠡᠴᠡᠯ ᠤᠨ ᠵᠣᠷᠢᠭ ᠢ ᠬᠦᠭᠵᠢᠶᠡᠬᠦ ᠶᠢᠨ ᠲᠥᠯᠥᠭᠡ᠂ 9 ᠰᠠᠷ᠎ᠠ ᠶᠢᠨ 15 ᠤ ᠡᠳᠦᠷ᠂ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠢᠶᠠᠨ ᠬᠤᠲᠠ ᠶᠢᠨ ᠤᠯᠠᠭᠠᠨᠮᠥ᠋ᠴᠢᠷ ᠤᠨ ᠬᠢᠨ ᠲᠠᠢ ᠬᠤᠯᠪᠤᠭᠠᠯᠠᠨ ᠳ᠋ᠦᠩ ᠴᠧᠩ ᠲᠣᠮᠢᠯᠠᠭᠰᠠᠨ ᠰᠠᠯᠪᠤᠷᠢ ᠳᠤ ᠬᠦᠷᠴᠦ᠂ ︽ᠵᠣᠨ ᠤ ᠤᠯᠠᠷᠢᠯ ᠤᠨ ᠠᠵᠢᠯᠯᠠᠭ᠎ᠠ︾ ᠶᠢᠨ ᠲᠣᠬᠤᠨᠢᠭᠤᠯᠬᠤ ᠲᠣᠭᠯᠠᠯᠲᠠ ᠭᠠᠷᠭᠠᠵᠤ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠭᠡᠪᠡ᠃ 
微信图片_20230919104550.jpg
     ᠲᠣᠭᠯᠠᠯᠲᠠ ᠨᠢ ︽ᠠᠵᠢᠨᠠᠢ ᠬᠦᠯᠦᠭ︾ ᠲᠠᠭᠤᠤ ᠪᠠᠷ ᠬᠥᠰᠢᠭᠡ ᠪᠠᠨ ᠰᠡᠬᠦᠵᠦ᠂ ᠲᠠᠯᠠᠪᠠᠢ ᠳᠤ ᠪᠠᠶᠢᠭᠰᠠᠨ ᠪᠦᠬᠦ᠋ᠯᠡ ᠦᠵᠡᠭᠴᠢᠳ ᠤᠨ ᠤᠷᠮ᠎ᠠ ᠶᠢ ᠬᠦᠭᠵᠢᠭᠡᠪᠡ᠃      ᠰᠠᠺᠠᠰ ᠬᠦᠭᠵᠢᠮ ᠤᠨ ᠭᠤᠴᠤᠯᠠᠯ ᠠᠶ᠎ᠠ ︽ᠰᠢᠨ᠎ᠡ ᠮᠠᠯᠴᠢᠳ ᠤᠨ ᠳᠠᠭᠤᠯᠠᠯ︾ ᠨᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠲᠤ ᠴᠠᠭᠳᠠᠭ᠎ᠠ ᠶᠢᠨ ᠬᠤᠸᠠᠷᠠᠨ ᠤ ᠦᠪᠡᠷᠮᠢᠴᠡ ᠰᠤᠳᠤᠨ ᠰᠤᠶᠤᠯ ᠤᠨ ᠨᠠᠶᠢᠷ ᠢ ᠬᠦᠷᠭᠡᠵᠠᠢ᠃     ᠳᠤᠪᠴᠢᠶᠠᠨ ᠤ ᠤᠯᠠᠭᠠᠨᠮᠦ᠋ᠴᠢᠷ ᠶᠢᠨ ᠭᠡᠰᠢᠭᠦᠨ ᠳᠠᠭᠤᠯᠠᠭᠰᠠᠨ ︽ᠬᠠᠷᠢ ᠨᠤᠲᠤᠭ ᠤᠨ ᠬᠦᠮᠦᠨ︾ ︽ᠬᠤᠨ ᠭᠠᠯᠠᠭᠤ︾ ᠲᠠᠭᠤᠤ ᠨᠢ ᠡᠭᠡᠰᠢᠭ ᠰᠠᠶᠢᠬᠠᠨ ᠠᠶᠠᠯᠭᠤ ᠪᠠᠷ ᠤᠯᠠᠨ ᠤ ᠰᠤᠨᠤᠷ ᠢ ᠪᠠᠶᠠᠰᠬᠠᠪᠠ᠃
微信图片_20230919104608.jpg
     ᠠᠷᠠᠳ ᠤᠨ ᠴᠠᠭᠳᠠᠭ᠎ᠠ ᠨᠠᠷ ᠤᠨ ᠤᠶᠠᠩᠭᠠᠯᠠᠭᠰᠠᠨ ︽ᠠᠷᠠᠳ ᠤᠨ ᠴᠠᠭᠳᠠᠭ᠎ᠠ ᠶᠢᠨ ᠮᠠᠭᠲᠠᠭᠠᠯ︾ ᠨᠢ᠂ ᠡᠷᠢᠶᠡᠨ ᠬᠤᠲᠠ ᠶᠢᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠭᠦᠷᠭᠡ ᠬᠠᠷᠢᠭᠤᠴᠠᠯᠭ᠎ᠠ ᠳᠤ ᠪᠠᠨ ᠦᠨᠡᠨᠴᠢ᠂ ᠦᠭᠡᠳᠡᠯᠡᠨ ᠲᠠᠪᠰᠢᠬᠤ ᠴᠤᠭ ᠵᠢᠪᠬᠤᠯᠠᠩ ᠢ ᠬᠠᠷᠠᠭᠤᠯᠤᠭᠰᠠᠨ ᠪᠠᠶᠢᠨ᠎ᠠ᠃     ᠭᠤᠶᠢᠳᠠ ᠰᠠᠶᠢᠬᠠᠨ ᠲᠣᠭᠯᠠᠯᠲᠠ ᠨᠢ ᠠᠷᠠᠳ ᠤᠨ ᠴᠠᠭᠳᠠᠭ᠎ᠠ ᠶᠢᠨ ᠦᠨᠡᠨᠴᠢ ᠰᠢᠳᠤᠷᠭᠤ ᠮᠥᠨ ᠴᠢᠨᠠᠷ ᠪᠠ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯᠭᠡ ᠶᠢ ᠢᠯᠡᠷᠡᠭᠦᠯᠵᠦ᠂ ᠥᠷᠭᠡᠨ ᠣᠯᠠᠨ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯ ᠤᠨ ᠶᠠᠳᠠᠷᠠᠭ᠎ᠠ ᠶᠢ ᠲᠠᠶᠢᠯᠵᠤ᠂ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠢ ᠳᠠᠮᠵᠢᠭᠤᠯᠵᠤ᠂ ᠴᠠᠭᠳᠠᠭᠠᠨ ᠬᠤᠸᠠᠷᠠᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯ ᠦᠢᠯᠡᠰ ᠢᠶᠠᠨ ᠭᠡᠵᠦ ᠲᠡᠮᠡᠴᠡᠵᠦ ᠶᠠᠪᠤᠬᠤ ᠤᠷᠭᠢᠯᠤᠮ᠎ᠠ ᠰᠡᠳᠬᠢᠯᠭᠡ ᠶᠢ ᠬᠥᠭᠵᠢᠭᠡᠵᠡᠶ᠃
微信图片_20230919104503.jpg
     ᠠᠵᠢᠯᠯᠠᠭ᠎ᠠ ᠶᠢᠨ ᠡᠴᠦᠰ ᠲᠤ᠂ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠪᠦᠷᠢᠯᠳᠦᠬᠦᠨ ᠨᠡᠷ ᠨᠢᠭᠡᠳᠦᠭᠡᠷ ᠹᠷᠣᠨᠲ ᠤᠨ ᠰᠠᠯᠠᠭ᠎ᠠ ᠮᠥᠴᠢᠷ ᠲᠤ ᠲᠣᠬᠤᠨᠢᠭᠤᠯᠬᠤ ᠪᠣᠳᠠᠰ ᠭᠠᠷᠳᠠᠭᠤᠯᠤᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠨ ᠦᠷᠭᠦᠯᠵᠢᠯᠡᠨ ᠮᠠᠷᠠᠶᠢᠨ ᠵᠢᠳᠬᠦᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠰᠠᠶᠢᠰᠢᠶᠠᠬᠤ ᠶᠢᠨ ᠬᠠᠮᠲᠤ ᠲᠡᠳᠡᠨ ᠳᠤ ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠴᠤᠭ ᠵᠢᠪᠬᠤᠭ᠎ᠠ ᠪᠠᠳᠠᠷᠠᠩᠭᠤᠶ ᠪᠠᠷ ︽ᠵᠣᠨ ᠤ ᠤᠯᠠᠷᠢᠯ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ