ᠣᠶᠢᠷ᠎ᠠ ᠳᠤ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠩᠬᠠᠳᠤᠭᠠᠷ | ᠬᠤᠭᠤᠴᠠᠭᠠᠨ ᠤ ᠴᠠᠭᠳᠠᠭᠠᠨ ᠤ ᠶᠠᠪᠤᠳᠠᠯ ᠤᠨ ᠮᠡᠷᠭᠡᠵᠢᠯ ᠴᠢᠳᠠᠪᠤᠷᠢ ᠶᠢᠨ ᠮᠥᠷᠦ᠋ᠢᠴᠡᠭᠡᠨ ᠵᠢᠴᠢ ᠴᠠᠭᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ | ᠶᠣᠰᠣᠯᠠᠯ ᠢ ᠲᠦᠩᠯᠢᠶᠣᠤ ᠬᠤᠲᠠ ᠳᠤ ᠶᠠᠪᠤᠭᠳᠠᠭᠤᠯᠪᠠ᠃ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠡᠰᠢᠭᠦᠨ᠂ ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ ᠶᠢᠨ ᠲᠥᠯᠥᠭᠡᠯᠡᠭᠴᠢ᠂ ᠴᠠᠭᠳᠠᠭ᠎ᠠ ᠶᠢᠨ ᠬᠡᠷ ᠪᠦᠯᠢ ᠶᠢᠨ ᠲᠥᠯᠥᠭᠡᠯᠡᠭᠴᠢ ᠵᠢᠴᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ | ᠲᠦᠩᠯᠢᠶᠣᠤ ᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠣᠷᠣᠭᠴᠢ ᠶᠢᠨ ᠲᠥᠯᠥᠭᠡᠯᠡᠭᠴᠢ ᠨᠡᠶᠢᠲᠡ 4000 ᠭᠠᠷᠤᠶ ᠬᠥᠮᠦᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃ ᠲᠣᠰ ᠤᠳᠠᠭᠠᠨ ᠤ ᠴᠠᠭᠳᠠᠭᠠᠨ ᠤ ᠶᠠᠪᠤᠳᠠᠯ ᠤᠨ ᠮᠡᠷᠭᠡᠵᠢᠯ ᠴᠢᠳᠠᠪᠤᠷᠢ ᠶᠢᠨ ᠮᠥᠷᠦ᠋ᠢᠴᠡᠭᠡᠨ ᠵᠢᠴᠢ ᠴᠠᠭᠳᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠳᠤ ᠣᠯᠠᠨ ᠨᠡᠶᠢᠲᠡ ᠶᠢᠨ ᠬᠢᠴᠢᠶᠡᠯ ᠲᠥᠷᠥᠯ ᠤᠨ ᠮᠥᠷᠦ᠋ᠢᠴᠡᠭᠡᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠲᠣᠮᠢᠯᠠᠭᠰᠠᠨ | ᠰᠠᠯᠪᠤᠷᠢ ᠶᠢᠨ ᠴᠠᠭᠳᠠᠭᠤᠯ ᠤᠨ ᠪᠠᠶᠢᠳᠠᠯ ᠢ ᠰᠢᠢᠳᠪᠦᠷᠢᠯᠡᠬᠦ ᠮᠥᠷᠦ᠋ᠢᠴᠡᠭᠡᠨ᠂ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠤᠨ ᠮᠥᠷᠦ᠋ᠢᠴᠡᠭᠡᠨ᠂ | ᠣᠷᠭᠤᠳᠠᠭᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠬᠤ ᠬᠡᠷᠡᠭ ᠢᠯᠡᠷᠡᠭᠦᠯᠬᠦ ᠮᠥᠷᠦ᠋ᠢᠴᠡᠭᠡᠨ ᠵᠡᠷᠭᠡ ᠲᠠᠪᠤᠨ ᠤᠷᠤᠯᠳᠤᠭᠠᠨ ᠤ ᠵᠦᠢᠯ ᠢ ᠪᠠᠭᠲᠠᠭᠠᠵᠤ᠂ ᠰᠢᠯᠭᠠᠯᠲᠠ ᠪᠠᠷ | ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ | ᠬᠡᠪ ᠴᠢᠨᠠᠷ᠂ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ | | | | | | | |