ᠰᠢᠶᠠᠩᠶᠠᠩ ᠲᠣᠮᠢᠯᠠᠭᠰᠠᠨ ᠰᠠᠯᠪᠤᠷᠢ ︽ᠹᠧᠩᠴᠢᠶᠤᠤ ᠮᠠᠶ᠋ᠢᠭ︾ ᠤᠨ ᠦᠢᠯᠡᠴᠢᠯᠡᠭᠡ ᠪᠠᠷ ᠢᠶᠠᠨ ᠠᠷᠠᠳ ᠤᠨ ᠰᠡᠳᠬᠢᠯ ᠢ ᠣᠯᠪᠠ
ᠨᠡᠶᠢᠲᠡᠯᠡᠭᠰᠡᠨ ᠴᠠᠭ᠄
2023/9/21
      ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠰᠢᠶᠠᠩᠶᠠᠩ ᠲᠣᠮᠢᠯᠠᠭᠰᠠᠨ ᠰᠠᠯᠪᠤᠷᠢ 2004 ᠣᠨ ᠳᠤ ᠪᠠᠶᠢᠭᠤᠯᠤᠭᠳᠠᠵᠤ᠂ ᠬᠠᠷᠢᠶᠠᠲᠤ ᠣᠷᠣᠨ ᠤ ᠲᠠᠯᠠᠪᠠᠢ ᠨᠢ 3.5 ᠲᠡᠭᠰᠢ ᠳᠥᠷᠪᠡᠯᠵᠢᠨ ᠺᠢᠯᠣᠮᠧᠲᠷ᠂ 39518 ᠬᠥᠮᠦᠨ ᠪᠠ 1255 ᠬᠤᠳᠠᠯᠳᠤᠭ᠎ᠠ ᠠᠵᠤ ᠠᠬᠤᠶᠢᠯᠠᠯ ᠲᠣᠤᠷ ᠴᠡᠭ ᠲᠠᠢ᠃ ᠣᠯᠠᠨ ᠵᠢᠯ ᠤᠨ ᠲᠤᠷᠰᠢ᠂ ᠰᠢᠶᠠᠩᠶᠠᠩ ᠲᠣᠮᠢᠯᠠᠭᠰᠠᠨ ᠰᠠᠯᠪᠤᠷᠢ ᠶᠡᠷᠦᠩᠬᠡᠶ ᠱᠦᠵᠢ ᠰᠢ ᠶᠢᠨ ᠫᠢᠩ  ᠤᠨ  ᠬᠠᠤᠯᠢ  ᠪᠠᠷ  ᠵᠠᠰᠠᠬᠤ  ᠦᠵᠡᠯ  ᠰᠠᠨᠠᠭ᠎ᠠ  ᠪᠠ ︽ᠠᠷᠪᠠᠨ ᠵᠢᠷᠭᠤᠭᠠᠨ ᠦᠰᠦᠭ︾ ᠤᠨ ᠶᠡᠷᠦᠩᠬᠡᠶ ᠱᠠᠭᠠᠷᠳᠠᠯᠭ᠎ᠠ ᠶᠢ ᠢᠳᠡᠪᠬᠢᠲᠡᠶ ᠲᠤᠭᠤᠰᠢᠯᠠᠭᠤᠯᠵᠤ᠂ ︽ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ︾ ᠶᠢ ᠦᠨᠳᠦᠰᠦᠨ ᠵᠢᠷᠤᠮᠯᠠᠯ ᠪᠣᠯᠭᠠᠵ᠊᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠭᠠᠷᠤᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠢᠮᠠᠭᠲᠠ ︽ᠠᠷᠠᠳ ᠲᠤ ᠬᠦᠰᠡᠯ ᠱᠠᠭᠠᠷᠳᠠᠯᠭ᠎ᠠ ᠳᠤ ᠵᠠᠪᠠᠯ ᠬᠠᠷᠢᠭᠤ ᠳᠤᠰᠬᠠᠯ ᠥᠭᠬᠦ︾ ᠪᠠᠷ ᠪᠠᠷᠢᠮᠵᠢᠶ᠎ᠠ ᠪᠣᠯᠭᠠᠵᠤ᠂ ᠦᠨᠳᠦᠷ ᠪᠠᠷᠢᠮᠵᠢᠶᠠᠲᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠥᠨᠳᠥᠷ ᠶᠠᠰᠤ ᠴᠢᠨᠠᠷ ᠲᠠᠢ ᠤᠯᠠᠨ ᠨᠡᠶᠢᠲᠡ ᠶᠢᠨ ᠠᠮᠤᠷ ᠲᠦᠪᠰᠢᠨ ᠤ ᠦᠢᠯᠡᠴᠢᠯᠡᠭᠡᠨ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠶᠠᠩᠶᠠᠩ ᠨᠡᠶᠢᠭᠡᠮ ᠲᠣᠭᠤᠷᠢᠭ ᠤᠨ ᠤᠯᠠᠨ ᠲᠦᠮᠡᠨ ᠠᠷᠠᠳ ᠤᠨ ᠴᠠᠭᠳᠠᠭ᠎ᠠ ᠶᠢ ︽ᠰᠠᠬᠢᠨ ᠬᠠᠮᠠᠭᠠᠯᠠᠭᠴᠢ︾᠂ ᠴᠠᠭᠳᠠᠭᠠᠨ ᠤ ᠶᠠᠪᠤᠳᠠᠯ ᠤᠨ ᠲᠠᠰᠤᠭ ᠢ ︽ᠠᠮᠤᠷ  ᠲᠦᠪᠰᠢᠨ  ᠤ  ᠠᠵᠢᠯ  ᠤᠨ  ᠪᠠᠶᠢᠷᠢ︾᠂ ᠲᠣᠮᠢᠯᠠᠭᠰᠠᠨ ᠰᠠᠯᠪᠤᠷᠢ  ᠶᠢ ︽ᠲᠦᠰᠢᠭ  ᠲᠤᠯᠭᠠᠭᠤᠷᠢ︾  ᠬᠡᠮᠡᠨ ᠨᠡᠷᠡᠶᠢᠳᠴᠦ᠂ ︽ᠤᠴᠢᠷ ᠲᠠᠢ ᠪᠣᠯ ᠴᠠᠭᠳᠠᠭ᠎ᠠ ᠶᠢ ᠡᠷᠢᠬᠦ︾ ᠨᠢ ᠨᠢᠭᠡᠨᠲᠡ ᠬᠡᠪ ᠤᠨ ᠪᠠᠶᠢᠳᠠᠯ ᠪᠣᠯᠵᠤ᠂ ᠪᠦᠬᠦ  ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠬᠠᠯᠠᠭᠤᠨ ᠦᠢᠯᠡᠴᠢᠯᠡᠭᠡ ᠪᠠᠷ ᠢᠶᠠᠨ ᠠᠷᠠᠳ ᠲᠦᠮᠡᠨ ᠲᠠᠢ ︽ᠡᠯᠢᠭᠡ ᠨᠢᠭᠡᠳᠴᠦ︾᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠬᠡᠳᠦᠨ ᠵᠢᠯ ᠤᠨ ᠲᠤᠷᠰᠢ ᠰᠢᠶᠠᠩᠶᠠᠩ ᠲᠣᠮᠢᠯᠠᠭᠰᠠᠨ ᠰᠠᠯᠪᠤᠷᠢ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠥᠪ ᠬᠤᠷᠢᠶᠠᠨ ᠤ ᠤᠬᠠᠭᠤᠯᠬᠤ ᠬᠡᠯᠲᠡᠰ ᠠᠴᠠ ᠤᠷᠢᠳ ᠬᠤᠵᠢᠳ ︽ᠠᠷᠠᠳ ᠲᠦᠮᠡᠨ ᠤ ᠰᠡᠳᠬᠢᠯ ᠬᠠᠨᠤᠮᠵᠢᠲᠠᠶ ᠠᠯᠪᠠᠲᠠᠨ ᠤ ᠬᠠᠮᠲᠤ︾ ᠶᠢᠨ ᠴᠤᠯᠠ ᠣᠯᠭᠤᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠯᠢᠳᠡᠭ ᠦᠨᠳᠦᠰᠦᠨ ᠱᠠᠲᠤᠨ ᠤ ᠨᠢᠭᠡᠴᠢ︾ ᠶᠢᠨ ᠴᠤᠯᠠ ᠣᠯᠭᠤᠵᠤ᠂ ︽ᠬᠠᠮᠲᠤ ᠶᠢᠨ ᠨᠢᠭᠡᠳᠦᠭᠡᠷ ᠳᠡᠰ ᠤᠨ ᠭᠠᠪᠢᠶ᠎ᠠ︾ ᠶᠢ ᠲᠡᠮᠳᠡᠭᠯᠡᠵᠡᠶ︔ 2021 ᠣᠨ ᠳᠤ ᠳᠣᠲᠣᠭᠠᠳᠤ ᠶᠢ ᠬᠠᠮᠠᠭᠠᠯᠠᠬᠤ ᠶᠠᠮᠤᠨ ᠳᠤ ︽ᠹᠧᠩᠴᠢᠶᠤᠤ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠᠷ ᠦᠨᠡᠯᠡᠭᠳᠡᠵᠡᠢ︔ 2022 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ  ᠨᠢᠭᠡᠴᠢ︾ ᠪᠠᠷ ᠦᠨᠡᠯᠡᠭᠳᠡᠪᠡ᠃
D98A4131.JPG
DSC_5299.JPG
       ᠳᠠᠷᠠᠭᠠᠴᠢ ᠶᠢᠨ ᠠᠯᠬᠤᠮ ᠳᠤ᠂ ᠰᠢᠶᠠᠩᠶᠠᠩ ᠲᠣᠮᠢᠯᠠᠭᠰᠠᠨ ᠰᠠᠯᠪᠤᠷᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠹᠧᠩᠴᠢᠶᠤᠤ ᠶᠢᠨ ᠲᠤᠷᠰᠢᠯᠭ᠎ᠠ︾ ᠶᠢ ᠪᠠᠳᠠᠷᠠᠭᠤᠯᠤᠨ ᠳᠡᠯᠭᠡᠷᠡᠭᠦᠯᠵᠦ᠂ ᠵᠢᠷᠤᠮᠵᠢᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠪᠠᠷ ᠠᠷᠠᠳ ᠤᠨ ᠢᠲᠡᠭᠡᠯ ᠢ ᠣᠯᠵᠤ᠂ ᠲᠤᠰ ᠭᠠᠵᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠲᠤᠰ ᠭᠠᠵᠠᠷ ᠤᠨ ᠠᠷᠠᠳ ᠲᠦᠮᠡᠨ ᠳᠤ ᠦᠢᠯᠡᠴᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ