ᠣᠲᠤᠭ ᠤᠨ ᠡᠮᠦᠨᠡᠲᠦ ᠬᠤᠰᠢᠭᠤᠨ ᠤ ᠲᠣᠲᠣᠭᠠᠳᠦ ᠶᠢ ᠬᠠᠮᠠᠭᠠᠯᠠᠬᠤ ᠳᠣᠪᠴᠢᠶᠠᠨ ᠤ ︽ᠴᠠᠭᠳᠠᠭᠠᠨ ᠬᠤᠸᠠᠷᠠᠨ ᠤ ᠬᠡᠥᠬᠡᠳ ᠤᠨ ᠴᠡᠴᠡᠷᠯᠢᠭ︾ ᠤᠨ ᠵᠣᠨ ᠤ ᠠᠮᠠᠷᠠᠯᠲᠡ ᠶᠢᠨ ᠠᠩᠬᠢ ᠠᠮᠵᠢᠯᠲᠠ ᠪᠠᠷ ᠰᠣᠷᠣᠯᠭ᠎ᠠ ᠪᠠᠨ ᠲᠡᠭᠦᠰᠭᠡᠯ᠎ᠡ
ᠨᠡᠶᠢᠲᠡᠯᠡᠭᠰᠡᠨ ᠴᠠᠭ᠄
2023/9/26
     8 ᠳ᠋ᠣᠭᠠᠷ ᠰᠠᠷ᠎ᠠ ᠶᠢᠨ 25 ᠤ ᠡᠳᠦᠷ᠂ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠭᠦᠯᠵᠢᠯᠡᠭᠰᠡᠨ 40 ᠰᠣᠷᠣᠭᠴᠢ ᠪᠠᠷ ᠪᠥᠷᠢᠯᠳᠥᠭᠰᠡᠨ ︽ᠴᠠᠭᠳᠠᠭᠠᠨ ᠬᠤᠸᠠᠷᠠᠨ ᠤ ᠬᠡᠥᠬᠡᠳ ᠤᠨ ᠴᠡᠴᠡᠷᠯᠢᠭ︾ ᠤᠨ ᠵᠣᠨ ᠤ ᠠᠮᠠᠷᠠᠯᠲᠡ ᠶᠢᠨ ᠠᠩᠬᠢ ᠠᠮᠵᠢᠯᠲᠡ ᠲᠠᠢ ᠪᠠᠷ ᠰᠣᠷᠣᠯᠭ᠎ᠠ ᠪᠠᠨ ᠲᠡᠭᠦᠰᠭᠡᠯ᠎ᠡ᠃
IMG_3390_164747[1].jpg  
     ᠣᠲᠤᠭ ᠤᠨ ᠡᠮᠣᠨᠡᠲᠦ ᠬᠤᠰᠢᠭᠤᠨ ᠤ ᠲᠣᠲᠣᠭᠠᠳᠦ ᠢ ᠬᠠᠮᠠᠭᠠᠯᠠᠬᠤ ᠳᠣᠪᠴᠢᠶᠠᠨ ᠤ ᠬᠢᠨ 2021 ᠣᠨ ᠳᠤ ᠲᠣᠰᠬᠠᠶᠢᠯᠠᠨ ᠠᠷᠠᠳ ᠤᠨ ᠴᠠᠭᠳᠠᠭ᠎ᠠ᠂ ᠬᠠᠪᠰᠦᠷᠣᠭᠴᠢ ᠴᠠᠭᠳᠠᠭᠠᠨ ᠨᠠᠷ ᠤᠨ ᠠᠵᠢᠯ ᠤᠨ ᠶᠠᠭᠠᠷᠠᠤ ᠠᠴᠠ ᠪᠣᠯᠵᠣ ᠡᠪᠥᠯ ᠵᠣᠨ ᠤ ᠠᠮᠠᠷᠠᠯᠲᠠ ᠶᠢᠨ ᠬᠤᠭᠤᠴᠠᠭᠠᠨ ᠳᠤ ᠥᠪᠡᠷ ᠤᠨ ᠬᠡᠥᠬᠡᠳ ᠢᠶᠠᠨ ᠬᠠᠷᠠᠭᠠᠯᠵᠠᠵᠣ ᠳᠡᠶᠢᠯᠬᠦ ᠦᠭᠡᠢ ᠪᠠᠶᠢᠬᠤ ᠪᠣᠳᠠᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠴᠠᠭᠳᠠᠭᠠᠨ ᠬᠤᠸᠠᠷᠠᠨ ᠤ ᠬᠡᠥᠬᠡᠳ ᠤᠨ ᠴᠡᠴᠡᠷᠯᠢᠭ︾ ᠢ ᠪᠠᠶᠢᠭᠤᠯᠵᠣ᠂ ᠲᠣᠰᠬᠠᠶᠢᠯᠠᠨ ᠬᠡᠥᠬᠡᠳ ᠤᠨ ᠰᠣᠷᠭᠠᠨ ᠬᠦᠮᠥᠵᠢᠯ ᠤᠨ ᠲᠠᠯ᠎ᠠ ᠪᠠᠷ ᠲᠣᠷᠰᠢᠯᠭ᠎ᠠ ᠦᠨᠳᠥᠷ ᠲᠣᠰᠬᠠᠢ ᠮᠡᠷᠭᠡᠵᠢᠯ ᠤᠨ ᠬᠤᠶᠠᠷ ᠪᠠᠭᠰᠢ ᠶᠢ ᠣᠷᠢᠨ ᠠᠪᠴᠢᠷᠠᠵᠣ᠂ ᠵᠢᠭᠠᠨ ᠵᠢᠯᠣᠭᠤᠳᠣᠭᠤᠯᠵᠣ᠂ ᠴᠡᠴᠡᠷᠯᠢᠭ ᠲᠤ ᠵᠢᠷᠤᠭ ᠤᠨ ᠲᠡᠪᠲᠡᠷ᠂ ᠲᠣᠭᠯᠠᠭᠠᠮ᠂ ᠣᠶᠣᠨ ᠢ ᠨᠡᠬᠡᠭᠡᠭᠳᠡᠭᠦᠯᠬᠦ᠂ ᠵᠣᠬᠢᠶᠠᠨ ᠪᠥᠲᠥᠭᠡᠬᠦ᠂ ᠵᠢᠷᠤᠭ ᠵᠢᠷᠣᠬᠤ ᠵᠡᠷᠭᠡ ᠬᠥᠳᠡᠯᠭᠡᠭᠡᠨ ᠤ ᠲᠣᠭᠤᠷᠢᠭ ᠢ ᠪᠠᠶᠢᠷᠢᠯᠠᠭᠤᠯᠵᠣ᠂ ᠣᠯᠠᠨ ᠲᠠᠯ᠎ᠠ ᠶᠢᠨ ᠥᠩᠭᠡ ᠣᠨᠴᠠᠯᠢᠭ ᠲᠠᠢ ᠬᠡᠥᠬᠡᠳ ᠪᠠᠭᠠᠴᠦᠳ ᠤᠨ ᠬᠦᠳᠡᠯᠭᠡᠭᠡᠨ ᠳᠤ ᠣᠷᠥᠯᠴᠠᠭᠤᠯᠵᠣ᠂ ᠬᠡᠥᠬᠡᠳ ᠨᠢᠭᠡᠪᠦᠷᠢ ᠶᠢ ᠲᠣᠭᠯᠠᠭᠠᠮ ᠨᠠᠭᠠᠳᠥᠮ ᠢᠶᠠᠷ ᠳᠠᠮᠵᠢᠨ ᠪᠢᠯᠢᠭ ᠣᠶᠣᠨ ᠢ ᠰᠠᠶᠢᠵᠢᠷᠠᠭᠤᠯᠬᠤ᠂ ᠰᠢᠨ᠎ᠡ ᠮᠡᠳᠡᠯᠭᠡ ᠴᠢᠳᠠᠪᠣᠷᠢ ᠰᠣᠷᠣᠯᠴᠠᠬᠤ᠂ ᠬᠠᠯᠠᠭᠤᠨ ᠳᠣᠯᠠᠭᠠᠨ᠂ ᠰᠣᠨᠢᠷᠬᠠᠯᠲᠠᠢ᠂ ᠪᠠᠶᠠᠯᠢᠭ ᠰᠠᠶᠢᠬᠠᠨ ᠠᠮᠢᠳᠣᠷᠠᠯ ᠤᠨ ᠣᠷᠴᠢᠨ ᠢ ᠪᠣᠢ ᠪᠣᠯᠭᠠᠵᠣ ᠥᠭᠪᠡ᠃
IMG_3391_164732[1].jpg    
     ᠡᠳᠥᠭᠡ ᠪᠣᠯᠲᠠᠯ᠎ᠠ᠂ ᠣᠲᠤᠭ ᠤᠨ ᠡᠮᠦᠨᠡᠲᠦ ᠬᠤᠰᠢᠭᠤᠨ ᠤ ᠲᠣᠲᠣᠭᠠᠳᠦ ᠶᠢ ᠬᠠᠮᠠᠭᠠᠯᠠᠬᠤ ᠳᠣᠪᠴᠢᠶᠠᠨ ᠤ ︽ᠴᠠᠭᠳᠠᠭᠠᠨ ᠬᠤᠸᠠᠷᠠᠨ ᠤ ᠬᠡᠥᠬᠡᠳ ᠤᠨ ᠴᠡᠴᠡᠷᠯᠢᠭ︾ ᠨᠢ ᠣᠷᠢᠳ ᠬᠤᠵᠢᠳ 133 ᠴᠠᠭᠳᠠᠭ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠬᠡᠥᠬᠡᠳ ᠢᠶᠠᠨ ᠬᠠᠷᠠᠭᠠᠯᠵᠠᠵᠣ ᠳᠡᠶᠢᠯᠬᠦ ᠦᠭᠡᠢ ᠪᠠᠶᠢᠬᠤ ᠪᠣᠳᠠᠳᠠᠢ ᠠᠰᠠᠭᠤᠳᠠᠯ ᠢ ᠰᠢᠢᠳᠪᠦᠷᠢᠯᠡᠭᠰᠡᠨ ᠠᠴᠠ ᠬᠤᠰᠢᠭᠤᠨ ᠤ ᠠᠵᠢᠯᠴᠢᠨ ᠤ ᠶᠡᠷᠥᠩᠬᠡᠢ ᠡᠪᠯᠡᠯ ᠠᠴᠠ ︽ᠬᠠᠯᠠᠮᠵᠢᠳᠣ ᠠᠰᠠᠷᠠᠨ ᠬᠠᠮᠠᠭᠠᠯᠠᠬᠤ ᠠᠩᠬᠢ︾ ᠬᠡᠮᠡᠨ ᠰᠠᠶᠢᠰᠢᠶᠠᠨ ᠨᠡᠷᠡᠶᠢᠳᠪᠡ᠃     ᠣᠶᠢᠷ᠎ᠠ ᠶᠢᠨ ᠬᠤᠶᠠᠷ ᠵᠢᠯ ᠠᠴᠠ ᠳᠣᠪᠴᠢᠶᠠᠨ ᠤ ᠨᠠᠮ ᠤᠨ ᠬᠤᠷᠢᠶ᠎ᠠ ᠴᠠᠭᠳᠠᠭ᠎ᠠ ᠶᠢ ᠬᠠᠶᠢᠷᠠᠯᠠᠵᠣ ᠴᠠᠭᠳᠠᠭ᠎ᠠ ᠶᠢ ᠬᠠᠯᠠᠮᠵᠢᠯᠠᠬᠤ ᠠᠵᠢᠯ ᠢ ᠥᠷᠭᠦᠯᠵᠢᠯᠡᠨ ᠴᠢᠩᠭᠠᠳᠬᠠᠵᠣ᠂ ᠴᠠᠭᠳᠠᠭᠠᠨ ᠤ ᠠᠵᠢᠯ ᠤᠨ ᠢᠷᠠᠭᠤ ᠠᠯᠳᠠᠷ ᠤᠨ ᠰᠡᠳᠬᠢᠯᠭᠡ᠂ ᠣᠮᠤᠭ ᠪᠠᠭ᠋ᠠᠳᠣᠯᠲᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠦᠨᠡᠨ ᠴᠢᠩᠭᠠᠳᠬᠠᠨ᠂ ᠠᠵᠢᠯ ᠤᠨ ᠢᠳᠡᠪᠬᠢᠵᠢᠯ ᠢ ᠳᠠᠶᠢᠴᠢᠯᠠᠨ᠂ ᠡᠩᠨᠡᠭᠡ ᠶᠢᠨ ᠪᠥᠯᠬᠦᠮᠳᠡᠯ ᠤᠨ ᠬᠦᠴᠦᠨ ᠢ ᠪᠥᠲᠥᠮᠵᠢᠲᠠᠢ ᠳᠡᠭᠡᠭᠰᠢᠯᠡᠭᠦᠯᠪᠡ᠃ 
ᠢᠷᠡᠯᠲᠡ᠄ ᠣᠷᠲᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ