8 ᠳ᠋ᠤᠭᠠᠷ ᠰᠠᠷ᠎ᠠ ᠶᠢᠨ 14 ᠤ ᠡᠳᠦᠷ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠤᠯᠠᠭᠠᠨᠮᠥ᠋ᠴᠢᠷ ᠪᠣᠯᠤᠨ ᠬᠠᠷᠠᠴᠢᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠮᠠ ᠠᠨ ᠱᠠᠨ ᠲᠣᠰᠬᠤᠨ ᠳᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠬᠥᠬᠡᠮᠳᠦᠭ | ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ︾ ᠭᠤᠤᠯ ᠰᠡᠳᠦᠪᠲᠦ ᠡᠪᠯᠡᠯ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃ | | | | | | | | | ᠭᠤᠶᠢᠳᠠ ᠰᠠᠶᠢᠬᠠᠨ ᠲᠣᠭᠯᠠᠯᠲᠠ ᠨᠢ ᠣᠯᠠᠨ ᠲᠦᠮᠡᠨ ᠤ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠠᠷᠠᠴᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠱᠠᠩᠨᠠᠯ ᠲᠠᠢ ᠠᠰᠠᠭᠤᠯᠲᠠ ᠬᠠᠷᠢᠭᠤᠯᠲᠠ᠂ ᠤᠬᠠᠭᠤᠯᠭ᠎ᠠ ᠶᠢᠨ ᠭᠠᠷ ᠳᠡᠪᠲᠡᠷ | ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠶ ᠰᠢᠭᠤᠶ ᠶᠢᠨ ᠭᠠᠯ ᠢ ᠰᠡᠷᠭᠡᠶᠢᠯᠡᠬᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠵᠠᠮ ᠬᠠᠷᠢᠯᠴᠠᠭᠠᠨ ᠤ ᠠᠮᠤᠷ | ᠲᠦᠪᠰᠢᠨ ᠵᠡᠷᠭᠡ ᠠᠮᠤᠷ ᠲᠦᠪᠰᠢᠨ ᠤ ᠤᠬᠠᠭᠤᠯᠭ᠎ᠠ ᠶᠢᠨ ᠰᠠᠨᠠᠭᠤᠯᠤᠮᠵᠢ ᠬᠢᠪᠡ᠃ ᠲᠣᠬᠤᠨᠢᠭᠤᠯᠬᠤ ᠲᠣᠭᠯᠠᠯᠲᠠ ᠨᠢ ᠦᠵᠡᠯ ᠰᠠᠨᠠᠭ᠎ᠠ ᠤᠯᠤᠰ ᠲᠦᠷᠦ ᠶᠢᠨ | ᠤᠨᠤᠯ ᠤᠨ ᠰᠤᠷᠤᠯᠴᠠᠯᠭ᠎ᠠ ᠤᠬᠠᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠦᠢᠯᠡ ᠶᠠᠪᠤᠳᠠᠯ ᠢ ᠤᠬᠠᠭᠤᠯᠤᠨ ᠲᠠᠶᠢᠯᠪᠤᠷᠢᠯᠠᠬᠤ᠂ | ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠲᠠᠢ ᠣᠷᠭᠠᠨᠢᠭ ᠢᠶᠠᠷ | ᠤᠶᠠᠯᠳᠤᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠶᠢᠨ ᠦᠨᠡᠨᠴᠢ ᠰᠢᠳᠤᠷᠭᠤ ᠪᠠᠶᠢᠬᠤ ᠭᠤᠣᠯ ᠬᠦᠭ ᠠᠶᠠᠰ ᠢ ᠴᠢᠪᠬᠠᠳᠠᠵᠤ᠂ ᠴᠠᠭ ᠦᠶ᠎ᠡ ᠶᠢᠨ | ᠬᠠᠮᠤᠭ ᠤᠨ ᠴᠢᠩᠭ᠎ᠠ ᠳᠠᠭᠤᠨ ᠢ ᠳᠠᠭᠤᠷᠢᠰᠬᠠᠪᠠ᠃ | | |