ᠵᠣᠨ ᠤ ᠠᠮᠠᠷᠠᠯᠲᠠ ᠶᠢᠨ ᠬᠤᠭᠤᠴᠠᠭᠠᠨ ᠤ ᠦᠨᠡᠮᠯᠡᠯ ᠤᠨ ᠭᠦᠢᠴᠡᠳᠬᠡᠯ ᠣᠯᠠᠰᠢᠷᠠᠭᠰᠠᠨ ᠪᠠ ᠲᠡᠮᠦᠷ ᠵᠠᠮ ᠤᠨ ᠠᠶᠠᠯᠠᠯ ᠤᠨ ᠰᠢᠨ᠎ᠡ ᠲᠣᠭᠲᠠᠭᠠᠯ ᠢ | ᠨᠡᠶᠢᠲᠡᠯᠡᠬᠦ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠤᠨ ᠡᠯ᠎ᠡ ᠴᠣᠩᠬᠤᠪᠴᠢ ᠮᠠᠰᠢ ᠶᠠᠭᠠᠷᠠᠯ ᠲᠠᠢ ᠪᠣᠯᠵᠤ᠂ ᠦᠨᠡᠮᠯᠡᠯ ᠠᠪᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠮᠡᠳᠡᠭᠳᠡᠮ᠎ᠡ ᠨᠡᠮᠡᠭᠳᠡᠪᠡ᠃ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠰᠠᠭᠤᠭ᠎ᠠ ᠡᠯ᠎ᠡ ᠴᠣᠩᠬᠤᠪᠴᠢ ᠨᠢᠭᠡᠴᠢ ᠳᠤ ᠲᠦᠷ ᠴᠠᠭ ᠤᠨ ᠴᠣᠩᠬᠤᠪᠴᠢ ᠨᠡᠮᠡᠨ ᠪᠠᠶᠢᠭᠤᠯᠵᠤ᠂ ᠴᠠᠭ ᠢ ᠤᠷᠲᠤᠳᠬᠠᠨ | ᠦᠢᠯᠡᠴᠢᠯᠡᠬᠦ ᠲᠦᠷᠢᠮ ᠪᠠ ᠤᠷᠢᠳᠴᠢᠯᠠᠨ ᠪᠣᠯᠵᠣᠵᠤ ᠭᠦᠢᠴᠡᠳᠬᠡᠬᠦ ᠲᠦᠷᠢᠮ ᠢ ᠢᠳᠡᠪᠬᠢᠲᠡᠶ ᠬᠡᠷᠡᠭᠵᠢᠭᠦᠯᠦᠨ᠂ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ | ᠣᠯᠠᠨ ᠲᠦᠮᠡᠨ ᠤ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠪᠡ᠃ | | | | ᠡᠨᠡ ᠵᠢᠯ ᠠᠴᠠ ᠡᠬᠢᠯᠡᠨ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠦᠢᠯᠡᠴᠢᠯᠡᠭᠡᠨ ᠤ ᠨᠢᠭᠡᠴᠢ ᠰᠠᠨᠠᠭᠠᠴᠢᠯᠠᠭ᠎ᠠ ᠠᠴᠠ ᠪᠠᠨ | ᠠᠵᠢᠯᠯᠠᠬᠤ ᠠᠷᠭ᠎ᠠ ᠪᠠᠨ ᠰᠢᠨᠡᠴᠢᠯᠡᠵᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠲᠠᠰᠤᠷᠠᠯᠲᠠ ᠥᠬᠡᠶ ᠳᠥᠭᠦᠮᠴᠢᠯᠡᠵᠦ᠂ ᠠᠵᠢᠯ ᠤᠨ ᠵᠢᠷᠤᠮᠵᠢᠯ ᠢ | ᠨᠠᠷᠢᠯᠢᠬᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠯᠠᠪᠯᠠᠯᠲᠠ ᠳᠤ ᠬᠠᠷᠢᠭᠤᠴᠠᠬᠤ ᠲᠦᠷᠢᠮ︾ ︽ᠨᠢᠭᠡ ᠤᠳᠠᠭ᠎ᠠ ᠳᠤ | ᠮᠡᠳᠡᠭᠳᠡᠬᠦ ᠲᠦᠷᠢᠮ︾ ︽ᠮᠠᠲ᠋ᠧᠷᠢᠶᠠᠯ ᠪᠦᠷᠢᠨ ᠪᠤᠰᠤ ᠴᠤ ᠭᠦᠢᠴᠡᠳᠬᠡᠬᠦ ᠲᠦᠷᠢᠮ︾ ︽ᠮᠡᠳᠡᠭᠳᠡᠯ ᠳᠤ ᠨᠡᠶᠢᠴᠡᠬᠦ ᠶᠢ ᠠᠮᠠᠯᠳᠠᠬᠤ ᠲᠦᠷᠢᠮ︾ ᠵᠡᠷᠭᠡ | ᠥᠭᠡᠷᠡᠴᠢᠯᠡᠯᠲᠡ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠤ ᠦᠨᠡᠮᠯᠡᠯ ᠠᠪᠬᠤ ᠳᠤ ︽ᠰᠢᠭᠤᠳ | ᠭᠦᠢᠴᠡᠳᠬᠡᠬᠦ︾ ᠶᠢ ᠨᠡᠭᠡᠭᠡᠵᠦ᠂ ᠣᠯᠠᠨ ᠲᠦᠮᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ︽ᠣᠨᠳᠣᠤ ᠭᠠᠵᠠᠷ ᠲᠤ ᠭᠦᠢᠴᠡᠳᠬᠡᠬᠦ᠂ ᠣᠶᠢᠷ᠎ᠠ ᠬᠠᠪᠢ ᠳᠤ ᠪᠠᠨ | ᠭᠦᠢᠴᠡᠳᠬᠡᠬᠦ᠂ ᠲᠥᠬᠦᠮ ᠭᠦᠢᠴᠡᠳᠬᠡᠬᠦ᠂ ᠮᠤᠵᠢ ᠠᠯᠤᠰᠯᠠᠨ ᠭᠦᠢᠴᠡᠳᠬᠡᠬᠦ︾ ᠶᠢ ᠴᠢᠷᠮᠠᠶᠢᠨ ᠪᠡᠶᠡᠯᠡᠭᠦᠯᠵᠦ᠂ ᠣᠯᠠᠨ ᠲᠦᠮᠡᠨ ᠳᠤ ︽ᠵᠠᠢ ᠦᠭᠡᠢ ᠦᠢᠯᠡᠴᠢᠯᠡᠬᠦ︾ ᠶᠢ | ᠪᠡᠶᠡᠯᠡᠭᠦᠯᠪᠡ᠃ | | | | ᠪᠦᠷᠢᠳᠬᠡᠯ ᠢ ᠦᠨᠳᠦᠰᠦᠯᠡᠪᠡᠯ᠂ 7 ᠰᠠᠷ᠎ᠠ ᠠᠴᠠ ᠨᠠᠭᠠᠰᠢ᠂ ᠡᠯ᠎ᠡ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ | ᠬᠡᠮᠵᠢᠶ᠎ᠡ ᠨᠡᠶᠢᠲᠡ 6000 ᠭᠠᠷᠤᠶ ᠬᠤᠪᠢ ᠬᠦᠷᠴᠦ᠂ ᠨᠢᠭᠡ ᠡᠳᠦᠷ ᠲᠤ ᠭᠦᠢᠴᠡᠳᠬᠡᠭᠰᠡᠨ ᠬᠡᠮᠵᠢᠶ᠎ᠡ ᠬᠠᠮᠤᠭ ᠤᠨ ᠠᠷᠪᠢᠨ ᠳᠤ ᠪᠠᠨ 500 ᠭᠠᠷᠤᠶ ᠬᠤᠪᠢ ᠬᠦᠷᠪᠡ᠃ | |