ᠣᠶᠢᠷ᠎ᠠ ᠳᠤ᠂ ᠤᠯᠠᠭᠠᠨᠬᠠᠳᠠ ᠶᠢᠨ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠶᠢᠨ ᠬᠢᠨ | ᠵᠢᠯᠣᠭᠤᠴᠢ ᠥᠬᠡᠶ ᠨᠢᠰᠬᠡᠯ ᠢᠶᠠᠷ ᠴᠠᠭᠳᠠᠨ ᠪᠠᠶᠢᠴᠠᠭᠠᠬᠤ ᠠᠷᠭ᠎ᠠ ᠶᠢ ᠬᠡᠷᠡᠭᠯᠡᠨ᠂ ᠠᠤᠬᠠᠨ ᠬᠤᠰᠢᠭᠤᠨ ᠤ ᠪᠥᠬᠦ ᠬᠢᠯᠢ ᠳᠣᠲᠣᠷᠠᠬᠢ ᠰᠤᠯᠠ ᠪᠠᠶᠢᠭ᠎ᠠ ᠭᠠᠵᠠᠷ ᠰᠢᠷᠣᠶ᠂ | ᠲᠠᠷᠢᠶᠠᠨ ᠭᠠᠵᠠᠷ᠂ ᠬᠡᠷ ᠪᠠᠶᠢᠰᠢᠩ ᠤᠨ ᠠᠷᠤ ᠲᠠᠯ᠎ᠠ᠂ ᠨᠣᠭᠤᠭ᠎ᠠ ᠶᠢᠨ ᠬᠦᠷᠢᠶᠡᠯᠡᠩ᠂ ᠵᠤᠯᠵᠠᠭ᠎ᠠ ᠮᠣᠳᠣᠨ ᠤ ᠬᠦᠷᠢᠶᠡᠯᠡᠩ ᠵᠡᠷᠭᠡ ᠣᠷᠣᠨ ᠪᠦᠰᠡ ᠳᠤ ᠬᠤᠤᠷᠲᠤ | ᠡᠳ᠋ ᠤᠨ ᠣᠤᠯ ᠤᠷᠭᠤᠮᠠᠯ ᠢ ᠴᠠᠭᠠᠵᠠᠯᠠᠬᠤ ᠠᠷᠢᠯᠭᠠᠬᠤ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ ᠬᠠᠤᠯᠢ ᠪᠤᠰᠤ ᠪᠠᠷ ᠬᠤᠤᠷᠲᠤ ᠡᠳ᠋ ᠤᠨ ᠤᠤᠯ ᠤᠷᠭᠤᠮᠠᠯ ᠢ | ᠳᠠᠷᠢᠬᠤ ᠥᠬᠡᠶ᠂ ᠤᠨᠠᠯᠲᠠ ᠥᠬᠡᠶ ᠪᠠᠶᠢᠬᠤ ᠶᠢ ᠦᠨᠡᠨ ᠬᠦ ᠪᠠᠳᠤᠯᠠᠪᠠ᠃ | | | | | | | | ᠣᠲᠣ ᠪᠣᠯᠲᠠᠯ᠎ᠠ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠭᠠᠳ ᠠᠮᠤ ᠴᠡᠴᠡᠭ ᠤᠨ ᠲᠠᠷᠢᠭᠰᠠᠨ ᠭᠠᠵᠠᠷ ᠢ 11 ᠢᠯᠡᠷᠡᠭᠦᠯᠵᠦ᠂ ᠬᠤᠤᠷᠲᠤ | ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠨᠡᠶᠢᠲᠡ 1101 ᠰᠠᠭᠤᠷᠢ ᠠᠮᠤ ᠴᠡᠴᠡᠭ ᠢ ᠠᠷᠢᠯᠭᠠᠵᠤ᠂ 46.4 ᠭᠷᠠᠮ ᠬᠠᠷ᠎ᠠ ᠲᠠᠮᠠᠬᠢ ᠶᠢ | ᠬᠤᠷᠢᠶᠠᠨ ᠠᠪᠴᠤ᠂ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯ᠎ᠠ ᠬᠢᠭᠰᠡᠨ 11 ᠰᠡᠵᠢᠭᠳᠡᠨ ᠳᠤ ᠴᠣᠬᠢᠯᠲᠠ ᠥᠭᠴᠦ ᠰᠢᠢᠳᠪᠦᠷᠢᠯᠡᠪᠡ᠃ | |