ᠡᠨᠡ ᠵᠢᠯ ᠤᠨ 4 ᠰᠠᠷ᠎ᠠ ᠳᠤ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠲᠤᠰᠢᠶᠠᠭᠰᠠᠨ ᠴᠧᠨ x ᠲᠤᠤ ᠬᠥᠯᠥᠰᠥᠨ ᠠᠵᠢᠯᠴᠢᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠶᠢ ᠲᠡᠪᠴᠢᠭᠰᠡᠨ ᠬᠡᠷᠡᠭ ᠢ ᠭᠥᠯᠢᠶᠡᠨ ᠠᠪᠴᠠᠶ᠃ ᠪᠠᠶᠢᠴᠠᠭᠠᠭᠰᠠᠨ ᠢᠶᠠᠷ᠂ ᠨᠢᠭᠡᠨ ᠤᠰᠤ ᠠᠷᠪᠢᠯᠠᠬᠤ | ᠤᠰᠤᠯᠠᠯᠲᠠ ᠶᠢᠨ ᠲᠥᠬᠦᠭᠡᠷᠦᠮᠵᠢ ᠶᠢᠨ ᠺᠣᠮᠫᠠᠨᠢ ᠶᠢᠨ ᠬᠠᠤᠯᠢ ᠶᠢᠨ ᠬᠥᠮᠦᠨ ᠴᠧᠨ x ᠲᠤᠤ 21 ᠬᠥᠯᠥᠰᠥᠨ ᠠᠵᠢᠯᠴᠢᠨ ᠤ ᠴᠠᠯᠢᠩ ᠢ ᠨᠡᠶᠢᠲᠡ 30 ᠭᠠᠷᠤᠶ | ᠲᠦᠮᠡᠨ ᠲᠥᠭᠦᠷᠢᠭ ᠥᠷᠢᠲᠦᠵᠦ᠂ ᠬᠤᠭᠤᠴᠠᠭ᠎ᠠ ᠲᠣᠭᠲᠠᠭᠠᠨ ᠥᠭᠭᠦᠭᠦᠯᠬᠦ ᠪᠠᠷ ᠵᠠᠷᠯᠢᠭᠳᠠᠭᠰᠠᠨ ᠪᠣᠯᠪᠠᠴᠤ ᠮᠥᠨ ᠥᠭᠭᠦᠭᠰᠡᠨ ᠦᠭᠡᠶ᠃ | | | | ᠠᠤᠬᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 4 ᠰᠠᠷ᠎ᠠ ᠰᠢᠬᠠᠮ ᠤᠨ ᠬᠠᠲᠠᠭᠤ ᠪᠡᠷᠬᠡᠰᠢᠶᠡᠯ ᠢ ᠢᠯᠠᠨ ᠳᠠᠪᠠᠭᠰᠠᠨ ᠢᠶᠠᠷ᠂ 21 ᠬᠥᠯᠥᠰᠥᠨ | ᠠᠵᠢᠯᠴᠢᠨ ᠢ ᠠᠮᠵᠢᠯᠲᠠ ᠲᠠᠢ ᠪᠠᠷ ᠬᠠᠪᠰᠤᠷᠤᠨ 32 ᠲᠦᠮᠡ ᠭᠠᠷᠤᠶ ᠲᠥᠭᠦᠷᠢᠭ ᠤᠨ ᠴᠠᠯᠢᠩ ᠢ ᠨᠢ ᠪᠤᠴᠠᠭᠠᠨ ᠠᠪᠴᠢᠷᠠᠪᠠ᠃ | | | | 8 ᠳ᠋ᠤᠭᠠᠷ ᠰᠠᠷ᠎ᠠ ᠶᠢᠨ 16 ᠤ ᠡᠳᠦᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠠᠯ ᠤᠨ ᠬᠡᠷ ᠲᠤ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ | 32 ᠲᠦᠮᠡ ᠭᠠᠷᠤᠶ ᠲᠥᠭᠦᠷᠢᠭ ᠤᠨ ᠪᠡᠯᠡᠨ ᠵᠣᠭᠤᠰ ᠢ 21 ᠬᠥᠯᠥᠰᠥᠨ ᠠᠵᠢᠯᠴᠢᠨ ᠳᠤ ᠬᠤᠪᠢᠶᠠᠨ ᠥᠭᠭᠦᠭᠰᠡᠨ ᠳᠤ᠂ ᠬᠥᠯᠥᠰᠥᠨ ᠠᠵᠢᠯᠴᠢᠨ ᠤ | ᠲᠥᠯᠥᠭᠡᠯᠡᠭᠴᠢᠳ ᠲᠦᠢᠯ ᠤᠨ ᠶᠡᠭᠡ ᠪᠠᠷ ᠪᠠᠶᠠᠷᠯᠠᠵᠤ᠂ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠦᠮᠡᠨ ᠳᠤ ᠦᠢᠯᠡᠴᠢᠯᠡᠬᠦ᠂ | ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠶᠠᠪᠤᠳᠠᠯ ᠢ ᠮᠠᠭᠲᠠᠨ ᠰᠠᠶᠢᠰᠢᠶᠠᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠵᠦ᠂ ︽ᠬᠥᠯᠥᠰᠥᠨ ᠠᠵᠢᠯᠴᠢᠨ ᠤ | ᠴᠠᠯᠢᠩ ᠬᠥᠯᠥᠰᠥ ᠶᠢ ᠣᠯᠭᠤᠵᠤ ᠡᠷᠬᠡ ᠶᠢ ᠬᠠᠮᠠᠭᠠᠯᠠᠬᠤ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ︾ ᠭᠡᠬᠦ ᠬᠡᠮᠡᠷᠯᠢᠭ ᠲᠤᠭ ᠢ ᠠᠷᠠᠳ ᠤᠨ ᠴᠠᠭᠳᠠᠭ᠎ᠠ ᠳᠤ | ᠭᠠᠷᠳᠠᠭᠤᠯᠪᠠ᠃ | |