ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠷᠭᠡᠨ ᠢᠶᠠᠷ | ᠰᠣᠨᠣᠰᠴᠤ᠂ ᠤᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ ᠥᠭᠬᠦ ᠪᠠᠷ ᠴᠢᠷᠮᠠᠶᠢᠪᠠ᠃ ᠡᠯ᠎ᠡ | ᠴᠠᠭᠳᠠᠭᠠᠨ ᠤ ᠲᠦᠷᠦᠯ᠂ ᠡᠯ᠎ᠡ ᠰᠠᠯᠠᠭ᠎ᠠ ᠮᠥᠴᠢᠷ ᠤᠨ ᠬᠢᠨ ᠲᠣᠪᠴᠢᠶᠠᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠶᠢ ᠪᠠᠲᠤ ᠪᠤᠢ ᠪᠣᠯᠭᠠᠵᠤ᠂ ᠠᠷᠠᠳ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ ᠥᠭᠪᠡ᠃ ᠣᠶᠢᠷ᠎ᠠ ᠳᠤ᠂ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠤᠯᠠᠭᠠᠨᠳᠤᠬᠤᠢ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠦᠨᠡᠨ ᠰᠡᠳᠬᠢᠯ ᠠᠴᠠ ᠪᠠᠨ | ︽ᠦᠭᠡ ᠶᠠᠷᠢᠶ᠎ᠠ ᠪᠠᠷ ᠡᠮᠨᠡᠨ ᠵᠠᠰᠠᠬᠤ︾ ᠠᠷᠭ᠎ᠠ ᠪᠠᠷ ᠨᠢᠭᠡ ᠵᠥᠷᠢᠴᠡᠯ ᠵᠠᠭᠤᠷᠠᠯᠳᠤᠭᠠᠨ ᠢ ᠴᠠᠭ ᠲᠤᠬᠠᠶ ᠳᠤ ᠨᠢ ᠰᠢᠢᠳᠪᠦᠷᠢᠯᠡᠵᠦ᠂ ᠣᠯᠠᠨ ᠲᠦᠮᠡᠨ ᠤ ᠮᠠᠭᠲᠠᠭᠠᠯ | ᠰᠠᠶᠢᠰᠢᠶᠠᠯ ᠢ ᠣᠯᠤᠭᠰᠠᠨ ᠪᠠᠶᠢᠨ᠎ᠠ᠃ | | | | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠤᠯᠠᠭᠠᠨᠳᠤᠬᠤᠢ ᠲᠣᠮᠢᠯᠠᠭᠰᠠᠨ ᠰᠠᠯᠪᠤᠷᠢ ᠶᠢᠨ ᠬᠠᠷᠢᠶ᠎ᠠ | ᠣᠷᠣᠨ ᠤ ᠬᠤᠯᠪᠤᠭ᠎ᠠ ᠭᠠᠴᠠᠭᠠᠨ ᠤ ᠮᠠᠯᠴᠢᠨ ᠬᠠᠶ ᠣᠪᠣᠭᠲᠤ ᠪᠣᠯᠤᠨ ᠪᠦ᠋ ᠣᠪᠣᠭᠲᠤ ᠵᠥᠷᠢᠴᠡᠯ ᠵᠠᠭᠤᠷᠠᠯᠳᠤᠭᠠᠨ ᠡᠭᠦᠰᠴᠦ᠂ ᠲᠣᠮᠢᠯᠠᠭᠰᠠᠨ ᠰᠠᠯᠪᠤᠷᠢ ᠶᠢᠨ | ᠴᠠᠭᠳᠠᠭ᠎ᠠ ᠶᠢ ᠬᠦᠷᠴᠦ ᠰᠢᠢᠳᠪᠦᠷᠢᠯᠡᠵᠦ ᠥᠭᠬᠦ ᠶᠢ ᠭᠤᠶᠤᠴᠢᠯᠠᠵᠠᠢ᠃ ᠵᠢᠵᠢᠭᠦᠷ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠯᠲᠠ ᠬᠢᠭᠰᠡᠨ ᠤ | ᠳᠠᠷᠠᠭ᠎ᠠ᠂ ᠮᠠᠯᠴᠢᠨ ᠬᠠᠶ ᠣᠪᠣᠭᠲᠤ᠂ ᠪᠦ᠋ ᠣᠪᠣᠭᠲᠤ ᠠᠷᠢᠬᠢ ᠤᠤᠭᠤᠭᠰᠠᠨ ᠤ ᠳᠠᠷᠠᠭ᠎ᠠ ᠨᠠᠭᠠᠰᠢ ᠴᠠᠭᠠᠰᠢ ᠥᠩᠭᠡᠷᠡᠬᠦ ᠠᠮᠢᠳᠤᠷᠠᠯ ᠤᠨ ᠠᠷᠰᠠᠷ ᠶᠠᠪᠤᠳᠠᠯ ᠤᠨ | ᠤᠴᠢᠷ ᠢᠶᠠᠷ ᠬᠡᠷᠡᠭᠦᠯ ᠴᠤᠤᠭᠢᠶᠠᠨ ᠭᠠᠷᠤᠭᠰᠠᠨ ᠢ ᠣᠯᠵᠤ ᠮᠡᠳᠡᠵᠡᠶ᠂ ᠠᠷᠠᠳ ᠤᠨ ᠴᠠᠭᠳᠠᠭ᠎ᠠ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠢ ᠲᠣᠮᠢᠯᠠᠭᠰᠠᠨ | ᠰᠠᠯᠪᠤᠷᠢ ᠳᠤ ᠠᠮᠠ ᠪᠠᠷ ᠳᠠᠭᠤᠳᠠᠵᠤ ᠰᠢᠢᠳᠪᠦᠷᠢᠯᠡᠭᠦᠯᠬᠦ ᠪᠠᠷ ᠪᠣᠯᠪᠠ᠃ ᠠᠷᠠᠳ ᠤᠨ ᠴᠠᠭᠳᠠᠭ᠎ᠠ ᠶᠢᠨ ᠶᠣᠰᠣ ᠤᠴᠢᠷ ᠢ ᠲᠠᠶᠢᠯᠪᠤᠷᠢᠯᠡᠵᠦ᠂ ᠰᠡᠳᠬᠢᠯᠭᠡ ᠶᠢ ᠨᠢ | ᠬᠥᠳᠡᠯᠭᠡᠭᠰᠡᠨ ᠢᠳᠬᠠᠯ ᠳᠣᠣᠷ᠎ᠠ᠂ ᠬᠤᠶᠠᠷ ᠲᠤᠬᠠᠶ ᠶᠢᠨ ᠬᠥᠮᠦᠨ ᠥᠪᠡᠷ ᠤᠨ ᠪᠤᠷᠤᠭᠤ ᠪᠠᠨ ᠲᠠᠨᠢᠵᠤ᠂ ᠣᠳᠣ ᠨᠢᠭᠡᠨᠲᠡ ᠬᠠᠷᠢᠯᠴᠠᠨ ᠪᠤᠷᠤᠭᠤ ᠬᠦᠯᠢᠶᠡᠭᠰᠡᠨ | ᠪᠥᠭᠡᠳ ᠨᠥᠭᠦᠭᠡ ᠡᠲᠡᠭᠡᠳ ᠢᠶᠠᠨ ᠠᠭᠤᠴᠢᠯᠠᠪᠠ᠃ | | | | ᠳᠠᠷᠠᠭᠠᠴᠢ ᠶᠢᠨ ᠠᠯᠬᠤᠮ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠤᠯᠠᠨ ᠲᠦᠮᠡᠨ ᠬᠠᠨᠤᠮᠵᠢᠲᠠᠢ | ᠪᠠᠶᠢᠬᠤ︾ ᠪᠠᠷ ᠬᠠᠷᠠᠯᠲᠠ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠴᠢᠷᠮᠠᠶᠢᠨ ᠦᠢᠯᠡᠳᠦᠯᠭᠡᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ | ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠠᠵᠢᠯ ᠤᠨ ᠲᠤᠭᠳᠠᠴᠠ ᠶᠢ ᠪᠦᠷᠢᠯᠳᠦᠭᠦᠯᠵᠦ᠂ ᠬᠠᠷᠢᠶ᠎ᠠ ᠣᠷᠣᠨ ᠤ | ᠡᠶ᠎ᠡ ᠵᠣᠬᠢᠴᠠᠩᠭᠤᠢ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ︵ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠤᠪᠴᠢᠶ᠎ᠠ ᠬᠡᠰᠢᠭ ᠮᠡᠳᠡᠭᠡᠯᠡᠪᠡ︶ | |