︽ᠲᠠᠯ᠎ᠠ ᠨᠣᠲᠤᠭ ᠤᠨ ᠮᠠᠭᠲᠠᠭᠠᠯ ᠳᠠᠭᠤᠣ ᠪᠠᠨ ᠨᠠᠮ ᠳᠤ ᠪᠠᠨ ᠡᠷᠬᠦᠶ᠎ᠡ︾ ᠣᠲᠤᠭ ᠤᠨ ᠡᠮᠦᠨᠡᠲᠦ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠤᠯᠠᠭᠠᠨᠮᠦ᠋ᠴᠢᠷ ᠳᠠᠭᠠᠭᠠᠴᠢᠯᠠᠨ ᠲᠡᠮᠵᠢᠬᠦ ᠲᠤᠰᠬᠤᠨ ᠲᠠᠢ ᠪᠠᠨ ᠬᠠᠮᠲᠣ ︽7.1︾ ᠤ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2023/9/4
     ᠳᠣᠮᠳᠠᠳᠣ ᠣᠯᠣᠰ ᠤᠨ ᠡᠪ ᠬᠠᠮᠲᠣ ᠨᠠᠮ ᠪᠠᠶᠢᠭᠤᠯᠣᠭᠳᠠᠭᠰᠠᠨ 102 ᠵᠢᠯ ᠤᠨ ᠣᠢ ᠬᠦᠷᠴᠣ ᠢᠷᠡᠵᠦ ᠪᠠᠶᠢᠭ᠎ᠠ ᠡᠨᠡ ᠪᠠᠶᠠᠷᠲᠣ ᠮᠦᠴᠡ ᠳᠤ ᠣᠷᠳᠣᠰ ᠨᠣᠲᠤᠭ ᠲᠤ ᠨᠠᠮ ᠤᠨ ᠲᠤᠭ ᠨᠠᠮᠢᠷᠠᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠪᠠ᠃ 6 ᠳ᠋ᠣᠭᠠᠷ ᠰᠠᠷ᠎ᠠ ᠶᠢᠨ 27 ᠤ ᠡᠳᠦᠷ᠂ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠣᠨ᠂ ᠲᠣᠲᠣᠭᠠᠳᠣ ᠶᠢ ᠬᠠᠮᠠᠭᠠᠯᠠᠬᠤ ᠳᠣᠪᠴᠢᠶᠠᠨ ᠤ ᠤᠯᠠᠭᠠᠨᠮᠦ᠋ᠴᠢᠷ ᠤᠨ ᠰᠢᠯᠢᠳᠡᠭ ᠣᠯᠠᠮᠵᠢᠯᠠᠯ ᠢ ᠪᠠᠳᠠᠷᠠᠭᠤᠯᠬᠤ᠂ ᠠᠷᠠᠳ ᠪᠠ ᠴᠠᠭᠳᠠᠭᠠᠨ ᠤ ᠬᠠᠷᠢᠴᠠᠭ᠎ᠠ ᠶᠢ ᠣᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠦᠯᠦᠭᠡ᠂ ᠣᠲᠤᠭ ᠤᠨ ᠡᠮᠦᠨᠡᠲᠦ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠤ ᠣᠯᠠᠭᠠᠨᠮᠦ᠋ᠴᠢᠷ ᠤᠨ ᠬᠢᠨᠢ ᠱᠠᠭᠠᠵᠠᠩᠲᠣ ᠲᠤᠰᠬᠤᠨ ᠳᠤ ᠬᠦᠷᠴᠣ᠂ ᠲᠤᠰᠬᠤᠨ ᠤ ᠠᠷᠠᠳ ᠲᠠᠢ ᠬᠠᠮᠲᠣᠪᠠᠷ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠢ ᠪᠡᠯᠭᠡᠯᠡᠬᠦ ᠠᠵᠢᠯᠯᠠᠭ᠎ᠠ ᠦᠷᠨᠢᠬᠦᠯᠵᠣ ᠣᠷᠠᠨ ᠰᠠᠶᠢᠬᠠᠨ ᠤ ᠲᠣᠭᠯᠠᠯᠲᠠ ᠭᠠᠷᠭᠠᠪᠠ᠃
mmexport1688975503884_154801.jpg  
     ᠲᠣᠭᠯᠠᠯᠲᠠ ᠨᠢ ᠬᠠᠩᠬᠢᠨᠠᠮ᠎ᠠ ᠣᠯᠣᠰ ᠤᠨ ᠳᠠᠭᠤᠨ ᠤ ᠳᠣᠮᠳᠠ ᠵᠢᠩᠬᠢᠨᠢ ᠪᠠᠷ ᠬᠦᠰᠢᠭᠡ ᠪᠠᠨ ᠰᠡᠬᠦᠵᠣ᠂ ︽ᠪᠢ ᠮᠣᠩᠭᠤᠯ ᠬᠦᠮᠦᠨ︾᠂ ︽ᠡᠵᠢ ᠳᠤ ᠪᠠᠨ ᠡᠷᠬᠦᠬᠦ ᠳᠠᠭᠤᠣ︾ ᠵᠡᠷᠭᠡ ᠭᠤᠶᠢᠳᠠ ᠰᠠᠶᠢᠬᠠᠨ ᠲᠣᠭᠯᠠᠯᠲᠠ᠂ ᠳᠠᠭᠤᠣ ᠪᠠᠷ ᠲᠠᠯ᠎ᠠ ᠨᠤᠲᠤᠭ ᠤᠨ ᠦᠬᠢᠳ ᠬᠦᠪᠡᠬᠦᠳ ᠤᠨ ᠡᠵᠢ᠂ ᠡᠭᠡ ᠣᠷᠣᠨ᠂ ᠡᠪ ᠬᠠᠮᠲᠣ ᠨᠠᠮ ᠢᠶᠠᠨ ᠭᠡᠰᠡᠨ ᠬᠦᠨ ᠵᠣᠵᠠᠭᠠᠨ ᠬᠠᠶᠢᠷ᠎ᠠ ᠰᠡᠳᠬᠢᠯᠭᠡ ᠶᠢ ᠢᠯᠡᠳᠬᠡᠵᠦ᠂ ︽ᠲᠣᠮᠳᠠᠳᠣ ᠣᠯᠣᠰ ᠢᠶᠠᠨ ᠣᠶᠠᠩᠭᠠᠯᠠᠬᠤ︾᠂ ︽ᠰᠡᠳᠬᠢᠯ ᠤᠨ ᠬᠦᠨ ᠳᠠᠬᠢ ᠡᠪ ᠬᠠᠮᠲᠣ ᠨᠠᠮ︾ ᠬᠡᠳᠡᠭ ᠣᠷᠠᠨ ᠣᠩᠰᠢᠯᠭ᠎ᠠ ᠪᠠᠷ ᠦᠷᠭᠡᠨ ᠣᠯᠠᠨ ᠮᠠᠯᠴᠢᠨ ᠲᠠᠷᠢᠶᠠᠴᠢᠨ ᠪᠣᠯᠣᠨ ᠠᠷᠠᠳ ᠤᠨ ᠴᠠᠭᠳᠠᠭᠠᠨ ᠤ ᠣᠭ ᠰᠠᠨᠠᠭ᠎ᠠ ᠪᠠᠨ ᠦᠯᠦ ᠮᠠᠷᠲᠠ᠂ ᠦᠨᠡᠨ ᠰᠡᠳᠬᠢᠯ ᠠᠴᠠ ᠪᠠᠨ ᠨᠠᠮ ᠢᠶᠠᠨ ᠳᠠᠭᠠᠬᠤ ᠪᠠᠲᠣ ᠪᠠᠬᠢ ᠵᠣᠷᠢᠭ ᠰᠠᠨᠠᠭ᠎ᠠ ᠶᠢ ᠬᠠᠷᠠᠭᠤᠯᠣᠭᠰᠠᠨ ᠪᠠᠶᠢᠨ᠎ᠠ᠃ ᠲᠠᠭᠠᠣ ᠳᠤ ᠨᠢ ᠲᠤᠰᠬᠤᠨ ᠤ ᠠᠷᠠᠳ ᠤᠨ︽ᠳᠠᠯᠠᠢ ᠶᠢᠨ ᠴᠡᠷᠢᠭ ᠤᠨ ᠪᠦᠵᠢᠭ︾ ᠢᠶᠠᠷ ᠲᠠᠯ᠎ᠠ ᠨᠣᠲᠤᠭ ᠤᠨ ᠡᠯ᠎ᠡ ᠦᠨᠳᠦᠰᠦᠳᠡᠨ ᠬᠤᠭᠤᠷᠣᠨᠳᠣ ᠪᠠᠨ ᠠᠨᠠᠷ ᠤᠨ ᠦᠷ᠎ᠡ ᠮᠡᠲᠦ ᠪᠦᠯᠬᠦᠮᠳᠠᠯ ᠨᠢᠭᠲᠠᠷᠠᠯ ᠲᠠᠢ ᠪᠠᠶᠢᠭ᠎ᠠ ᠶᠢ ᠢᠯᠡᠳᠬᠡᠵᠦ᠂ ᠲᠣᠬᠠᠢ ᠶᠢᠨ ᠲᠠᠯᠠᠪᠣᠷ ᠤᠨ ᠠᠭᠤᠷ ᠠᠮᠢᠰᠬᠤᠯ ᠮᠠᠰᠢ ᠬᠦᠭᠵᠢᠯᠲᠠᠢ ᠪᠠᠶᠢᠪᠠ᠃
mmexport1688975511896_154753.jpg  
     ᠲᠣᠭᠯᠠᠯᠲᠠ ᠡᠴᠦᠰᠯᠡᠬᠦ ᠳᠤ ᠬᠤᠰᠢᠭᠤᠨ ᠤ ᠲᠡᠳ᠋ ᠲᠠᠷᠤᠭ᠎ᠠ᠂ ᠲᠣᠲᠣᠭᠠᠳᠣ ᠶᠢ ᠬᠠᠮᠠᠭᠠᠯᠠᠬᠤ ᠲᠣᠪᠴᠢᠶᠠᠨ ᠳᠠᠷᠤᠭ᠎ᠠ ᠰᠢᠣᠢ ᠬᠤᠣ ᠪᠥᠸ᠋ ᠨᠦᠬᠦᠷ ᠨᠠᠮ ᠤᠨ ᠬᠡᠰᠢᠬᠦᠨ ᠢ ᠳᠠᠶᠢᠴᠢᠯᠠᠨ ᠳᠠᠭᠠᠭᠤᠯᠵᠣ᠂ ᠨᠠᠮ ᠳᠤ ᠣᠷᠣᠭᠰᠠᠨ ᠲᠠᠩᠭᠠᠷᠢᠭ ᠢᠶᠠᠨ ᠳᠠᠬᠢᠨᠲᠠ ᠡᠷᠬᠢᠴᠡᠬᠦᠯᠦᠨ ᠣᠩᠰᠢᠪᠠ᠃ ᠳᠠᠷᠠᠭ᠎ᠠ ᠳᠤ ᠨᠢ ᠠᠬᠠᠮᠠᠳ ᠨᠠᠮ ᠤᠨ ᠬᠡᠰᠢᠬᠦᠨ ᠤ ᠭᠡᠷ ᠲᠤ ᠨᠢ ᠬᠦᠷᠴᠣ᠂ ᠳᠣᠲᠣᠨᠣᠰᠤᠭ ᠢᠶᠠᠷ ᠠᠮᠢᠳᠣᠷᠠᠯ ᠪᠣᠯᠣᠨ ᠡᠷᠡᠬᠦᠯ ᠮᠡᠨᠳᠦ ᠶᠢᠨ ᠪᠠᠶᠢᠳᠠᠯ ᠢ ᠨᠢ ᠬᠠᠯᠠᠮᠵᠢᠯᠠᠨ ᠠᠰᠠᠭᠤᠵᠣ᠂ ᠪᠣᠯᠭᠤᠭᠠᠨ ᠲᠤᠬᠤᠨᠢᠭᠤᠯᠬᠤ ᠮᠦᠩᠬᠦ ᠭᠠᠷᠳᠠᠭᠤᠯᠪᠠ᠃    ᠲᠣᠰ ᠣᠳᠠᠭᠠᠨ ᠤ ᠳᠣᠬᠤᠨᠢᠭᠤᠯᠬᠤ ᠲᠣᠭᠯᠠᠯᠲᠠ ᠨᠢ ᠣᠲᠤᠭ ᠤᠨ ᠡᠮᠦᠨᠡᠲᠦ ᠬᠤᠰᠢᠭᠤᠨ ᠤ ᠳᠣᠲᠣᠭᠠᠳᠣ ᠶᠢ ᠬᠠᠮᠠᠭᠠᠯᠠᠬᠤ ᠳᠣᠪᠴᠢᠶᠠᠨ ᠤ ᠣᠯᠠᠭᠠᠨᠮᠦ᠋ᠴᠢᠷ ᠤᠨ ᠴᠤᠭ ᠵᠢᠪᠬᠤᠭ᠎ᠠ ᠶᠢ ᠪᠠᠳᠠᠷᠠᠭᠤᠯᠣᠭᠰᠠᠨ ᠢᠶᠠᠷ ᠪᠠᠷᠠᠬᠤ ᠦᠭᠡᠢ᠂ ᠴᠠᠭᠳᠠᠭ᠎ᠠ ᠪᠠ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠣ᠂ ︽ᠨᠠᠮ ᠤᠨ ᠪᠠᠶᠢᠭᠤᠯᠣᠯᠲᠠ ᠶᠢ ᠴᠢᠩᠭᠠᠳᠬᠠᠵᠣ᠂ ᠰᠣᠷᠲᠠᠯ ᠢᠶᠠᠨ ᠴᠡᠭᠴᠡᠯᠡᠬᠦ᠂ ᠬᠡᠪ ᠴᠢᠨᠠᠷ ᠢᠶᠠᠨ ᠳᠡᠭᠡᠭᠰᠢᠯᠡᠭᠦᠯᠬᠦ᠂ ᠲᠦᠷᠢ ᠲᠦᠷᠬᠦ ᠶᠢ ᠪᠣᠢ ᠪᠣᠯᠭᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠣᠲᠠᠢ ᠦᠷᠨᠢᠬᠦᠯᠵᠣ᠂ ᠣᠲᠤᠭ ᠤᠨ ᠡᠮᠦᠨᠡᠲᠦ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠠᠵᠢᠯ ᠢᠶᠠᠨ ᠰᠢᠨ᠎ᠡ ᠨᠢᠭᠡᠨ ᠳᠡᠭᠲᠡᠷ ᠲᠤ ᠭᠠᠷᠭᠠᠬᠤ ᠢᠳᠡᠪᠬᠢᠲᠡᠢ ᠵᠣᠷᠢᠭ ᠰᠠᠨᠠᠭ᠎ᠠ ᠪᠠᠨ ᠢᠯᠡᠳᠭᠡᠪᠡ᠃ 
ᠢᠷᠡᠯᠲᠡ᠄ ᠣᠷᠲᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ