ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠰᠢᠭᠤᠨ ᠤ ᠵᠢᠭᠤᠯᠴᠢᠯᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/4
      ᠪᠦᠬᠦ ᠣᠷᠣᠨ ᠪᠦᠰᠡ ᠶᠢᠨ ᠵᠤᠭᠠᠴᠠᠯ ᠤᠨ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ᠂ ᠵᠢᠭᠤᠯᠴᠢᠯᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ 2023 ᠣᠨ ᠪᠦᠬᠦ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠬᠤ ᠶᠢᠨ ᠲᠥᠯᠥᠭᠡ ᠣᠷᠴᠢᠮ ᠤᠨ ᠡᠳᠦᠷ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠰᠢᠭᠤᠨ ᠤ ᠵᠢᠭᠤᠯᠴᠢᠯᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᠶᠠᠨ ᠬᠤᠷᠠᠯ ᠢ ᠡᠷᠭᠢᠯᠡᠪᠡ᠃ ᠵᠠᠯᠠᠶᠢᠳ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ᠂ ᠬᠤᠰᠢᠭᠤᠨ ᠳᠣᠲᠣᠷᠠᠬᠢ A ᠲᠠᠰ ᠤᠨ ᠦᠵᠡᠮᠵᠢ ᠶᠢᠨ ᠣᠷᠣᠨ ᠤ ᠬᠠᠷᠢᠭᠤᠴᠠᠯᠭᠠᠲᠠᠨ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠂ ᠴᠢᠮᠡᠭᠡ ᠮᠡᠳᠡᠭᠡ ᠵᠢᠯᠣᠭᠤᠳᠬᠤ ᠲᠥᠪ᠂ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠵᠡᠷᠭᠡ ᠬᠠᠮᠢᠶ᠎ᠠ ᠪᠥᠬᠦᠶ ᠭᠠᠵᠠᠷ ᠤᠨ ᠬᠠᠷᠢᠭᠤᠴᠠᠯᠭᠠᠲᠠᠨ ᠵᠢᠴᠢ ᠡᠯ᠎ᠡ ᠦᠵᠡᠮᠵᠢ ᠶᠢᠨ ᠣᠷᠣᠨ ᠤ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠬᠤᠷᠠᠯ ᠳᠤ ᠣᠷᠣᠯᠴᠠᠪᠠ᠃
109 (1).JPG
      ᠬᠤᠷᠠᠯ ᠠᠴᠠ ︽ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠭᠤᠯᠴᠢᠯᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠭᠰᠠᠨ ᠤ ᠬᠠᠮᠲᠤ ᠣᠳᠣᠬᠠᠨ ᠤ ᠵᠢᠭᠤᠯᠴᠢᠯᠠᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠭᠤᠤᠯᠳᠠᠯᠭ᠎ᠠ ᠶᠢ ᠵᠢᠭᠠᠵᠤ ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠳᠡᠳ᠋ ᠲᠣᠪᠴᠢᠶᠠᠨ ᠳᠠᠷᠤᠭ᠎ᠠ ᠶᠠᠩ ᠶᠠᠨ ᠶᠠᠷᠢᠶᠠᠨ ᠳᠤ ᠪᠠᠨ᠂ ᠵᠤᠨ ᠤ ᠠᠮᠠᠷᠠᠯᠲᠠ ᠶᠢᠨ ᠵᠢᠭᠤᠯᠴᠢᠯᠠᠯ ᠤᠨ ᠰᠢᠵᠢᠷ ᠠᠯᠲᠠᠨ ᠤᠯᠠᠷᠢᠯ ᠤᠳᠠᠯ ᠦᠭᠡᠶ ᠬᠦᠷᠴᠦ ᠢᠷᠡᠬᠦ ᠭᠡᠵᠦ ᠪᠠᠶᠢᠭ᠎ᠠ ᠪᠣᠯᠬᠤᠷ ᠵᠢᠭᠤᠯᠴᠢᠯᠠᠭᠴᠢᠳ ᠤᠨ ᠤᠷᠤᠰᠬᠠᠯ ᠨᠡᠮᠡᠭᠳᠡᠵᠦ᠂ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠳᠤ ᠨᠡᠩ ᠦᠨᠳᠦᠷ ᠱᠠᠭᠠᠷᠳᠠᠯᠭ᠎ᠠ ᠲᠠᠢ ᠪᠣᠯᠣᠭᠰᠠᠨ ᠪᠠᠶᠢᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠠᠮ ᠪᠠ ᠥᠷᠭᠡᠨ ᠣᠯᠠᠨ ᠵᠢᠭᠤᠯᠴᠢᠯᠠᠭᠴᠢᠳ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠵᠢᠭᠤᠯᠴᠢᠯᠠᠯ ᠤᠨ ᠠᠮᠤᠷ ᠲᠦᠪᠰᠢᠨ ᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠠᠬᠢᠭᠤᠯᠵᠤ ᠲᠡᠭᠦᠯᠳᠡᠷᠵᠢᠭᠦᠯᠬᠦ ᠬᠡᠷᠡᠭᠲᠡᠶ᠃ ᠬᠥᠭᠵᠢᠯᠲᠡ ᠶᠢ ᠰᠠᠶᠢᠲᠤᠷ ᠠᠳᠬᠤᠬᠤ ᠶᠢᠨ ᠬᠠᠮᠲᠤ᠂ ᠵᠢᠭᠤᠯᠴᠢᠯᠠᠯ ᠤᠨ ᠠᠮᠤᠷ ᠲᠦᠪᠰᠢᠨ ᠤ ᠲᠠᠯ᠎ᠠ ᠪᠠᠷ ᠬᠢ ᠵᠠᠷᠢᠮ ᠪᠠᠭᠤᠷᠠᠶ ᠲᠠᠯ᠎ᠠ ᠶᠢ ᠰᠡᠷᠭᠡᠭ ᠢᠶᠠᠷ ᠲᠠᠨᠢᠵᠤ᠂ ᠵᠢᠭᠤᠯᠴᠢᠯᠠᠯ ᠤᠨ ᠬᠠᠮᠢᠶᠠᠷᠤᠯᠲᠠ ᠶᠢᠨ ᠠᠮᠤᠷ ᠲᠦᠪᠰᠢᠨ ᠤ ᠠᠵᠢᠯ ᠢ ᠣᠳᠣᠬᠠᠨ ᠤ ᠡᠯ᠎ᠡ ᠵᠦᠢᠯ ᠤᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠠᠷᠠᠳ ᠣᠯᠠᠨ ᠳᠤ ᠠᠮᠤᠷ ᠲᠦᠪᠰᠢᠨ ᠡᠶ᠎ᠡ ᠵᠣᠬᠢᠴᠠᠯ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠪᠤᠶ ᠪᠣᠯᠭᠠᠨ᠎ᠠ᠃ ᠨᠢᠭᠡ ᠳᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ︔ ᠬᠤᠶᠠᠷ ᠲᠤ᠂ ᠡᠯ᠎ᠡ ᠰᠠᠯᠠᠭ᠎ᠠ ᠮᠥᠴᠢᠷ ᠤᠳ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ︔ ᠭᠤᠷᠪᠠ ᠳᠤ᠂ ᠵᠢᠭᠤᠯᠴᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ᠬᠡᠨ ᠭᠤᠤᠯᠴᠢᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠵᠢᠭᠤᠯᠴᠢᠯᠠᠯ ᠤᠨ ᠠᠵᠤ ᠠᠬᠤᠶᠢᠯᠠᠯ ᠪᠠ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ ᠮᠥᠴᠢᠷ ᠤᠨ ᠠᠮᠤᠷ ᠲᠦᠪᠰᠢᠨ ᠤ ᠲᠦᠷᠢᠮ ᠵᠢᠴᠢ ᠪᠡᠯᠡᠳᠬᠡᠯ ᠲᠥᠰᠦᠯ᠂ ᠠᠮᠤᠷ ᠲᠦᠪᠰᠢᠨ ᠤ ᠰᠠᠨᠠᠭᠤᠯᠤᠮᠵᠢ᠂ ᠠᠮᠤᠷ ᠲᠦᠪᠰᠢᠨ ᠤ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ ᠳᠥᠷᠪᠡ ᠳᠤ᠂ ᠵᠢᠭᠤᠯᠴᠢᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠢᠭᠤᠯᠴᠢᠯᠠᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤ  ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠵᠢᠭᠤᠯᠴᠢᠯᠠᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠢᠯᠣᠭᠤᠳᠬᠤ ᠲᠠᠪᠴᠠᠩ ᠵᠢᠴᠢ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠡᠨᠡᠳᠲᠡ ᠶᠢᠨ ᠬᠡᠷᠡᠭ ᠪᠠ ᠠᠮᠤᠷ ᠲᠦᠪᠰᠢᠨ ᠤ ᠠᠳᠡᠯ ᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠬᠡᠷᠡᠭᠲᠡᠢ︔ ᠲᠠᠪᠤ ᠳᠤ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠨ ᠠᠪᠤᠷᠠᠨ ᠲᠤᠰᠠᠯᠠᠬᠤ ᠲᠣᠭᠲᠠᠴᠠ ᠶᠢ ᠴᠢᠩᠭᠠᠳᠬᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠵᠢᠷᠭᠤᠭ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ︔ ᠳᠣᠯᠤᠭ᠎ᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
ᠢᠷᠡᠯᠲᠡ᠄ ᠬᠢᠩᠭᠠᠨ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠲᠤᠪᠴᠢᠶ᠎ᠠ