ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/4
      ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠵᠢᠮ᠎ᠡ ᠬᠠᠤᠯᠢ ᠣᠨᠴᠠᠯᠢᠭ ᠲᠠᠢ ᠤᠶᠠᠯᠳᠤᠭᠤᠯᠤᠨ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠳᠠᠯᠠᠵᠤ ᠭᠤᠤᠯᠳᠠᠯᠭ᠎ᠠ ᠲᠠᠢ ᠣᠷᠣᠨ ᠪᠠᠶᠢᠷᠢ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠴᠠᠭᠳᠠᠨ ᠰᠡᠷᠭᠡᠶᠢᠯᠡᠬᠦ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ ᠵᠡᠪᠰᠡᠭᠲᠦ ᠴᠠᠭᠳᠠᠯᠲᠠ᠂ ︽856︾ ᠣᠯᠠᠨ ᠲᠥᠷᠥᠯ ᠤᠨ ᠴᠠᠭᠳᠠᠭᠠᠨ ᠤ ᠲᠥᠷᠥᠯ ᠤᠨ ᠪᠠᠶᠢᠩᠭᠤ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠪᠠ ︽1᠂ 3᠂ 5 ᠮᠢᠨᠦ᠋ᠲ︾ ᠤᠨ ᠲᠦᠷᠭᠡᠨ ᠲᠤᠰᠬᠠᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠷᠠᠯᠭ᠎ᠠ ᠶᠢᠨ ᠰᠥᠨᠢ ᠶᠢᠨ ᠵᠠᠬ᠎ᠠ ᠳᠡᠯᠭᠡᠭᠦᠷ᠂ ᠨᠠᠶᠢᠷ ᠨᠠᠭᠠᠳᠤᠮ ᠤᠨ ᠭᠠᠵᠠᠷ᠂ ᠬᠡᠲᠦ ᠳᠡᠯᠭᠡᠭᠦᠷ ᠤᠨ ᠠᠭᠤᠳᠠᠮ ᠲᠠᠯᠠᠪᠠᠶ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠣᠷᠣᠨ ᠪᠦᠰᠡ ᠵᠢᠴᠢ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠣᠷᠣᠨ ᠪᠦᠰᠡ ᠳᠤ ᠠᠮᠤᠷ ᠲᠦᠪᠰᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ᠃ ᠶᠠᠪᠠᠭᠠᠨ ᠢᠶᠠᠷ ᠲᠣᠭᠤᠷᠢᠨ ᠪᠠᠶᠢᠴᠠᠭᠠᠬᠤ ᠪᠠ ᠲᠡᠷᠭᠡ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ︽ᠴᠠᠭᠳᠠᠭ᠎ᠠ ᠲᠠᠢ ᠠᠭᠤᠯᠵᠠᠬᠤ᠂ ᠴᠠᠭᠳᠠᠭᠠᠨ ᠤ ᠲᠡᠷᠭᠡ ᠲᠠᠢ ᠠᠭᠤᠯᠵᠠᠬᠤ᠂ ᠴᠠᠭᠳᠠᠭᠠᠨ ᠤ ᠳ᠋ᠧᠩ ᠲᠠᠢ ᠠᠭᠤᠯᠵᠠᠬᠤ︾ ᠶᠢ ᠦᠨᠡᠨ ᠬᠦ ᠪᠡᠶᠡᠯᠡᠭᠦᠯᠵᠦ᠂ ᠵᠡᠭᠡᠯᠢ ᠭᠤᠳᠤᠮᠵᠢ ᠶᠢᠨ ᠴᠠᠭᠳᠠᠭ᠎ᠠ ᠶᠢᠨ ᠬᠠᠷᠠᠭᠳᠠᠬᠤ ᠨᠤᠷᠮ᠎ᠠ ᠪᠠ ᠰᠦᠷᠳᠡᠭᠦᠯᠬᠦ ᠬᠦᠴᠦᠨ ᠢ ᠴᠢᠩᠭᠠᠷᠠᠭᠤᠯᠵᠤ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠠᠷᠢᠯᠭᠠᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠣᠷᠣᠨ ᠵᠠᠶ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃
640.jpg
      ᠮᠡᠬᠡᠯᠡᠯ ᠢ ᠡᠰᠡᠷᠭᠦᠴᠡᠬᠦ ᠪᠠ ᠰᠡᠷᠭᠡᠶᠢᠯᠡᠬᠦ ᠤᠬᠠᠭᠤᠯᠭ᠎ᠠ ᠶᠢ ᠭᠦᠨᠵᠡᠭᠡᠶ ᠠᠬᠢᠭᠤᠯᠵᠤ᠂ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ︽ᠺᠠᠷᠲ ᠲᠠᠰᠤᠯᠬᠤ︾᠂ ︽ᠤᠷᠤᠰᠬᠠᠯ ᠲᠠᠰᠤᠯᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠤᠵᠠᠷ ᠵᠣᠭᠤᠰ ᠪᠤᠵᠠᠷ ᠡᠳ᠋ ᠢ ᠬᠠᠮᠤᠭ ᠤᠨ ᠶᠡᠭᠡ ᠬᠡᠮᠵᠢᠶ᠎ᠡ ᠪᠠᠷ ᠨᠡᠬᠡᠮᠵᠢᠯᠡᠨ ᠠᠪᠴᠢᠷᠠᠵᠤ᠂ ᠤᠯᠠᠨ ᠲᠦᠮᠡᠨ ᠤ ᠬᠠᠷᠮᠠᠨ ᠤ ᠵᠣᠭᠤᠰ ᠢ ᠨᠢ ᠰᠠᠶᠢᠲᠤᠷ ᠰᠠᠬᠢᠪᠠ᠃
ᠢᠷᠡᠯᠲᠡ᠄ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ