8 ᠳ᠋ᠤᠭᠠᠷ ᠰᠠᠷ᠎ᠠ ᠶᠢᠨ 31 ᠤ ᠡᠳᠦᠷ᠂ ᠠᠵᠤ ᠠᠬᠤᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ | ︽ᠬᠠᠮᠠᠭᠠᠯᠠᠯᠲᠠ ᠶᠢᠨ ᠣᠶ︾ ᠶᠢ ᠰᠤᠳᠤᠯᠤᠨ ᠮᠠᠭᠠᠳᠯᠠᠬᠤ ᠢᠨᠵᠧᠨᠧᠷᠢᠩ ᠢ ᠦᠨᠡᠨ ᠬᠦ ᠠᠬᠢᠭᠤᠯᠬᠤ᠂ ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠶ | ᠮᠥᠩᠭᠦᠨ ᠭᠦᠢᠯᠭᠡᠭᠡᠨ ᠤ ᠰᠢᠰᠲ᠋ᠧᠮ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠳᠤ ᠰᠠᠭᠤᠷᠢᠯᠠᠨ᠂ | ᠬᠠᠷᠢᠶᠠᠲᠤ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠰᠢᠭᠤᠨ ᠤ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠨᠢᠭᠡᠴᠢ ᠲᠠᠢ ᠬᠠᠮᠲᠤᠷᠠᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠬᠠᠮᠲᠤ ᠪᠠᠷ | ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ | | | | ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠾᠧᠦ ᠱᠠᠨ ᠬᠤᠪᠢᠶᠠᠷᠢ ᠲᠣᠪᠴᠢᠶ᠎ᠠ ᠶᠢᠨ ᠳᠠᠷᠤᠭ᠎ᠠ ᠶᠠᠨ | ᠪᠦᠦ ᠫᠢᠩ ᠬᠤᠷᠠᠯ ᠳᠤ ᠣᠷᠤᠯᠴᠠᠭᠰᠠᠨ ᠮᠦᠷᠳᠡᠭᠡᠨ ᠲᠣᠰ ᠤᠳᠠᠭᠠᠨ ᠤ ᠬᠤᠷᠠᠯ ᠢ ᠬᠤᠷᠠᠯᠳᠤᠭᠤᠯᠬᠤ ᠶᠢᠨ ᠠᠴᠢ ᠬᠤᠯᠪᠣᠭᠳᠠᠯ ᠪᠠ ᠴᠢᠬᠤᠯᠠ ᠴᠢᠨᠠᠷ ᠢ | ᠲᠣᠳᠣᠷᠬᠠᠶᠢᠯᠠᠵᠤ᠂ ᠨᠢᠭᠲᠠ ᠬᠠᠮᠲᠤᠷᠠᠯᠴᠠᠬᠤ ᠪᠠᠷ ᠳᠠᠮᠵᠢᠭᠤᠯᠤᠨ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠳᠣᠲᠣᠭᠠᠳᠤ ᠶᠢᠨ ᠬᠦᠴᠦᠨ ᠤ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | | | | ᠳᠤᠮᠳᠠᠳᠤ ᠤᠯᠤᠰ ᠤᠨ ᠪᠠᠩᠬᠢ ᠶᠢᠨ ᠤᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ | ᠪᠠᠩᠬᠢ ᠶᠢᠨ ᠤᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠵᠡᠷᠭᠡ ᠲᠤᠬᠠᠶ ᠶᠢᠨ ᠲᠠᠯᠠᠪᠤᠷ ᠲᠤ ᠪᠠᠶᠢᠭᠰᠠᠨ 8 ᠪᠠᠩᠬᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠳᠣᠲᠣᠭᠠᠳᠤ ᠶᠢᠨ ᠰᠢᠰᠲ᠋ᠧᠮ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠳᠠᠯᠳᠠ ᠬᠡᠮ ᠪᠠ ᠠᠵᠢᠯ ᠥᠷᠨᠢᠭᠦᠯᠦᠭᠰᠡᠨ ᠪᠠᠶᠢᠳᠠᠯ ᠳᠤ | ᠵᠠᠳᠠᠯᠤᠯᠲᠠ ᠬᠢᠭᠰᠡᠨ ᠮᠦᠷᠳᠡᠭᠡᠨ ᠳ᠋ᠦᠩᠨᠡᠯᠲᠡ ᠬᠢᠪᠠ᠃ ᠣᠳᠣᠬᠠᠨ ᠳᠤ ᠪᠠᠶᠢᠨ ᠳᠠᠬᠢᠨ ᠭᠠᠷᠴᠤ ᠪᠠᠶᠢᠭ᠎ᠠ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠶᠢ ᠬᠡᠷᠬᠢᠨ | ᠰᠢᠢᠳᠪᠦᠷᠢᠯᠡᠬᠦ ᠲᠤᠬᠠᠶ ᠠᠵᠤ ᠠᠬᠤᠶ ᠶᠢᠨ ᠲᠤᠷᠰᠢᠨ ᠪᠠᠶᠢᠴᠠᠭᠠᠬᠤ ᠶᠡᠭᠡ ᠠᠩᠭᠢ ᠲᠠᠢ ᠰᠠᠨᠠᠯ ᠢᠶᠠᠨ ᠰᠣᠯᠢᠯᠴᠠᠭᠰᠠᠨ ᠪᠥᠭᠡᠳ ᠴᠠᠭᠳᠠᠭᠠᠨ ᠤ ᠲᠠᠯ᠎ᠠ ᠶᠢᠨ ᠬᠢᠨ ᠪᠠ | ᠪᠠᠩᠬᠢ ᠶᠢᠨ ᠬᠠᠮᠲᠤᠷᠠᠯᠴᠠᠭᠠᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠴᠢᠩᠭᠠᠳᠬᠠᠬᠤ᠂ ᠤᠬᠠᠭᠤᠯᠭ᠎ᠠ ᠶᠢ ᠴᠢᠩᠭᠠᠳᠬᠠᠬᠤ᠂ | ᠰᠡᠷᠭᠡᠶᠢᠯᠡᠯᠲᠡ ᠳᠤ ᠬᠠᠮᠲᠤ ᠪᠠᠷ ᠴᠣᠬᠢᠯᠲᠠ ᠥᠭᠬᠦ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠠᠶ᠃ | |