ᠬᠦᠭᠵᠢᠶᠡᠨ ᠨᠠᠷᠭᠢᠶᠠᠨ ᠪᠢᠯᠬᠠᠭᠰᠠᠨ ᠵᠤᠨ ᠤ ᠤᠯᠠᠷᠢᠯ ᠪᠤᠯ ᠨᠡᠶᠢᠭᠡᠮ ᠤᠨ ᠠᠮᠤᠷ ᠲᠦᠪᠰᠢᠨ ᠢ ᠪᠠᠲᠤᠯᠠᠬᠤ ᠶᠢ ᠰᠢᠯᠭᠠᠷᠠᠭᠤᠯᠬᠤ ᠵᠠᠩᠬᠢᠯᠠᠭ᠎ᠠ ᠶᠢᠨ ᠬᠤᠭᠤᠴᠠᠭ᠎ᠠ | ᠪᠤᠯᠤᠨ᠎ᠠ᠃ ︽ᠵᠤᠨ ᠤ ᠬᠤᠭᠤᠴᠠᠭᠠᠨ ᠤ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠵᠤ᠂ ᠶᠠᠯᠠᠲᠦ ᠠᠵᠢᠯᠯᠠᠭ᠎ᠠ ᠳᠤ ᠴᠤᠬᠢᠯᠲᠠ ᠦᠭᠬᠦ︾ ᠴᠡᠭᠴᠡᠯᠡᠨ | ᠵᠠᠰᠠᠬᠤ ᠠᠵᠢᠯᠯᠠᠭ᠎ᠠ ᠶᠢ ᠦᠷᠨᠢᠭᠦᠯᠦᠭᠰᠡᠨ ᠠᠴᠠ ᠨᠠᠭᠠᠰᠢ᠂ ᠲᠠᠶᠢᠹᠤᠰᠧ ᠬᠤᠰᠢᠭᠤᠨ ᠤ ᠳᠤᠲᠤᠭᠠᠲᠦ ᠶᠢ ᠬᠠᠮᠠᠭᠠᠯᠠᠬᠤ ᠳᠤᠪᠴᠢᠶ᠎ᠠ ᠨᠢ ᠬᠤᠲᠠ ᠪᠠᠯᠭᠠᠰᠤᠨ ᠤ | ᠴᠠᠭᠳᠠᠭ᠎ᠠ ᠪᠠᠷ ᠴᠤᠬᠢᠯᠲᠠ ᠦᠭᠬᠦ ᠶᠢ ᠭᠤᠤᠯᠴᠢᠯᠠᠭᠤᠯᠵᠤ᠂ ᠲᠤᠮᠢᠯᠠᠭᠰᠠᠨ ᠰᠠᠯᠪᠦᠷᠢ ᠪᠠᠷ ᠰᠡᠷᠭᠡᠶᠢᠯᠡᠨ ᠬᠠᠮᠠᠭᠠᠯᠠᠬᠤ ᠳᠤᠭᠲᠠᠯᠴᠠᠭ᠎ᠠ ᠪᠠᠷ ᠳᠤᠯᠭᠠᠭᠤᠷᠢ ᠪᠤᠯᠭᠠᠵᠤ᠂ | ᠬᠠᠤᠯᠢ ᠵᠦᠷᠢᠴᠡᠭᠰᠡᠨ ᠶᠠᠯᠠᠲᠦ ᠠᠵᠢᠯᠯᠠᠭ᠎ᠠ ᠳᠤ ᠬᠦᠴᠦᠲᠠᠢ ᠴᠤᠬᠢᠯᠲᠠ ᠦᠭᠴᠦ᠂ ᠨᠡᠶᠢᠭᠡᠮ ᠤᠨ ᠠᠮᠤᠷ ᠳᠦᠪᠰᠢᠨ ᠤ ᠠᠰᠠᠭᠤᠳᠠᠯ ᠢ ᠴᠡᠭᠴᠡᠯᠡᠨ ᠵᠠᠰᠠᠵᠤ᠂ ᠡᠯ᠎ᠡ | ᠲᠦᠷᠦᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠵᠤ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ | ᠪᠠᠲᠤᠯᠠᠵᠤ᠂ ᠬᠠᠷᠢᠶ᠎ᠠ ᠤᠷᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ | | | |