ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠰᠢᠨ᠎ᠡ ᠪᠠᠷ ᠡᠯᠰᠡᠬᠦ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ ᠬᠠᠷᠠᠮ ᠦᠭᠡᠶ ᠵᠢᠳᠬᠦᠬᠦ | ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠭᠡᠨ᠂ ᠴᠠᠭᠳᠠᠭ᠎ᠠ ᠶᠢᠨ ᠠᠵᠢᠯ ᠮᠡᠷᠭᠡᠵᠢᠯ ᠤᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ | ᠪᠣᠯᠤᠨ ᠡᠭᠦᠷᠭᠡᠲᠦ ᠲᠦᠷᠦᠭᠳᠡᠯ ᠢ ᠦᠨᠡᠨ ᠬᠦ ᠴᠢᠩᠭᠠᠳᠬᠠᠵᠤ᠂ ᠴᠠᠭᠳᠠᠭ᠎ᠠ ᠶᠢᠨ ᠠᠩᠬᠠᠨ ᠤ ᠠᠯᠬᠤᠮ ᠢ ᠰᠠᠶᠢᠲᠤᠷ ᠠᠯᠬᠤᠭᠤᠯᠬᠤ ᠶᠢᠨ ᠲᠥᠯᠥᠭᠡ᠂ 8 ᠰᠠᠷ᠎ᠠ ᠶᠢᠨ | 19 ᠤ ᠦᠳᠡ ᠶᠢᠨ ᠬᠤᠶᠢᠨ᠎ᠠ ᠦᠬᠠᠶ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ 2023 | ᠣᠨ ᠤ ᠰᠢᠨ᠎ᠡ ᠴᠠᠭᠳᠠᠭ᠎ᠠ ᠶᠢᠨ ︽ᠠᠩᠬᠠᠨ ᠤ ᠬᠢᠴᠢᠶᠡᠯ︾ ᠤᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠨᠢ ᠰᠦᠷ ᠵᠢᠪᠬᠤᠯᠠᠩᠲᠤ | ᠤᠯᠤᠰ ᠤᠨ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠪᠦᠬᠦ ᠲᠠᠯᠠᠪᠠᠢ ᠶᠢᠨ ᠬᠥᠮᠦᠰ ᠪᠣᠰᠴᠤ ᠵᠣᠭᠰᠣᠨ ᠤᠯᠤᠰ ᠤᠨ ᠳᠠᠭᠤᠤ ᠶᠢ ᠬᠠᠮᠲᠤ ᠪᠠᠷ ᠳᠠᠭᠤᠯᠠᠪᠠ᠃ | | | | ᠬᠤᠷᠠᠯ ᠳᠡᠭᠡᠷ᠎ᠡ᠂ ᠤᠯᠤᠰ ᠲᠥᠷᠥ ᠶᠢᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠬᠤᠤ ︽ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ | ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠬᠠᠪᠰᠤᠷᠤᠭᠴᠢ ᠠᠵᠢᠯᠲᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠬᠠᠶᠢᠷᠤᠪ ᠤᠨ ᠲᠤᠬᠤᠢ | ᠲᠣᠭᠤᠷᠢᠭ ᠤᠨ ᠬᠤᠪᠢᠶᠠᠷᠢ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠢᠨᠠᠨ ᠰᠢᠯᠭᠠᠯᠲᠠ ᠶᠢᠨ ᠬᠡᠷᠡᠭᠵᠢᠭᠦᠯᠬᠦ ᠲᠥᠰᠦᠯ︾᠂ | ︽ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶᠠᠨ ᠤ ᠱᠠᠲᠤ ᠳᠡᠰ ᠳᠡᠪᠰᠢᠭᠦᠯᠬᠦ ᠬᠠᠮᠢᠶᠠᠷᠤᠯᠲᠠ ᠶᠢᠨ ᠠᠷᠭ᠎ᠠ︾ ᠳᠤ ᠨᠠᠷᠢᠨ ᠲᠣᠳᠣᠷᠬᠠᠶ ᠪᠥᠭᠡᠳ | ᠭᠦᠨᠵᠡᠭᠡᠶ ᠲᠠᠶᠢᠯᠪᠤᠷᠢᠯᠠᠯᠲᠠ ᠬᠢᠵᠡᠶ᠃ ᠲᠥᠰᠦᠯ ᠨᠢ ᠬᠤᠪᠢᠶᠠᠷᠢ ᠲᠣᠪᠴᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠩ ᠤᠨ ᠦᠶ᠎ᠡ ᠶᠢᠨ ᠠᠵᠢᠯ ᠤᠨ | ᠢᠯᠡᠷᠡᠯ ᠢ ᠬᠢᠨᠠᠨ ᠰᠢᠯᠭᠠᠬᠤ ᠪᠠᠷ ᠳᠡᠮᠵᠢᠨ᠂ ᠦᠷ᠎ᠡ ᠪᠦᠲᠦᠭᠡᠯ ᠢ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ᠂ ᠱᠠᠲᠤ ᠲᠠᠰ ᠳᠡᠪᠰᠢᠭᠦᠯᠬᠦ ᠠᠵᠢᠯ ᠤᠨ | ᠳᠤᠮᠳᠠ ᠬᠡᠷᠡᠭᠯᠡᠨ᠂ ᠪᠥᠬᠦ ᠬᠠᠪᠰᠤᠷᠤᠭᠴᠢ ᠴᠠᠭᠳᠠᠭ᠎ᠠ ᠶᠢᠨ ᠢᠳᠡᠪᠬᠢᠲᠡᠶ ᠪᠠᠷ ᠠᠵᠢᠯ ᠶᠠᠪᠤᠳᠠᠯ ᠬᠢᠵᠦ᠂ ᠲᠡᠷᠢᠭᠦᠨ ᠤ ᠬᠢ ᠶᠢ ᠡᠷᠡᠯᠬᠡᠭᠯᠡᠨ ᠡᠭᠦᠳᠬᠦ ᠬᠠᠯᠠᠭᠤᠨ | ᠰᠡᠳᠬᠢᠯᠭᠡ ᠶᠢ ᠤᠯᠠᠮ ᠨᠢᠭᠡ ᠠᠯᠬᠤᠮ ᠤᠷᠮᠠᠰᠢᠭᠤᠯᠤᠨ ᠵᠣᠷᠢᠭᠵᠢᠭᠤᠯᠵᠠᠶ᠃ | | | | ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠤᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠶᠢᠨ ᠭᠡᠰᠢᠭᠦᠨ ᠰᠢᠩ ᠪᠦᠦ | ᠯᠦᠩ ᠰᠢᠨ᠎ᠡ ᠪᠠᠷ ᠠᠵᠢᠯ ᠳᠤ ᠤᠷᠤᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠤᠯᠤᠰ | ᠲᠦᠷᠦ ᠶᠢᠨ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠦᠨᠡᠨᠴᠢ ᠰᠢᠳᠤᠷᠭᠤ ᠴᠠᠭᠳᠠᠭ᠎ᠠ ᠶᠢᠨ ᠰᠦᠭ ᠰᠦᠨᠡᠰᠦ ᠵᠢᠱᠤᠭᠤᠬᠤ ᠬᠡᠷᠡᠭᠲᠡᠢ᠃ ᠨᠠᠮ ᠳᠤ ᠪᠠᠨ ᠲᠦᠢᠯ ᠤᠨ | ᠦᠨᠡᠨᠴᠢ ᠰᠢᠳᠤᠷᠭᠤ ᠪᠠᠶᠢᠬᠤ ᠭᠧᠨ ᠢ ᠴᠢᠰᠤᠨ ᠰᠤᠳᠠᠰᠤ ᠳᠤ ᠪᠠᠨ ᠠᠭᠤᠰᠬᠠᠵᠤ᠂ ᠰᠡᠳᠬᠢᠯ ᠳᠤ ᠪᠠᠨ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠳᠤᠮᠳᠠ ᠪᠠᠨ | ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠮᠠᠨ ᠤ ᠠᠵᠢᠯ ᠨᠢᠭᠡᠪᠦᠷᠢ᠂ | ᠠᠵᠢᠯ ᠤᠨ ᠪᠠᠶᠢᠷᠢ ᠨᠢᠭᠡᠪᠦᠷᠢ᠂ ᠲᠦᠷᠢᠮ ᠨᠢᠭᠡᠪᠦᠷᠢ ᠳᠤ ᠴᠥᠮ ᠵᠢᠷᠤᠮᠵᠢᠭᠰᠠᠨ ᠶᠠᠪᠤᠴᠠ᠂ ᠲᠣᠳᠣᠷᠬᠠᠶ ᠱᠠᠭᠠᠷᠳᠠᠯᠭ᠎ᠠ ᠪᠠ ᠴᠢᠩᠭ᠎ᠠ ᠲᠣᠭᠲᠠᠭᠠᠯ ᠲᠠᠢ᠂ | ᠢᠷᠡᠭᠡᠳᠦᠶ ᠶᠢᠨ ᠲᠤᠬᠠᠶᠢᠯᠠᠭᠰᠠᠨ ᠠᠵᠢᠯ ᠤᠨ ᠠᠮᠢᠳᠤᠷᠠᠯ ᠳᠤ ᠪᠠᠨ ︽ᠬᠠᠷᠢᠭᠤᠴᠠᠯᠭ᠎ᠠ︾ ᠭᠡᠰᠡᠨ ᠦᠭᠡ ᠶᠢ ᠴᠠᠭ ᠢᠮᠠᠭᠲᠠ ᠪᠠᠲᠤ ᠴᠡᠭᠡᠵᠢᠯᠡᠵᠦ᠂ ᠨᠠᠷᠢᠨ | ᠠᠳᠬᠤᠵᠤ᠂ ᠡᠷᠡᠰ ᠡᠭᠦᠷᠭᠡᠯᠡᠵᠦ᠂ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠭᠤᠷᠪᠠ ᠳᠤ᠂ ᠴᠠᠭᠠᠷᠠᠭᠰᠠᠨ ᠡᠷᠳᠡᠮ ᠴᠢᠳᠠᠪᠤᠷᠢ ᠲᠠᠢ ᠪᠣᠯᠬᠤ | ᠬᠡᠷᠡᠭᠲᠡᠶ᠃ ᠲᠡᠮᠡᠴᠡᠯ ᠤᠨ ᠵᠣᠷᠢᠭ ᠰᠠᠨᠠᠭ᠎ᠠ ᠶᠢ ᠢᠳᠡᠪᠬᠢᠲᠡᠢ ᠪᠠᠷ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠬᠠᠷᠠᠯᠲᠠ ᠪᠣᠯᠭᠠᠵᠤ᠂ ᠡᠷᠡᠰ ᠬᠠᠲᠠᠭᠤ | ᠵᠣᠷᠢᠭ ᠲᠠᠢ ᠪᠠᠶᠢᠵᠤ᠂ ᠦᠢᠯᠡᠰ ᠢᠶᠠᠨ ᠳᠡᠭᠡᠳᠦᠯᠡᠵᠦ᠂ ᠠᠵᠢᠯ ᠳᠤ ᠪᠠᠨ ᠴᠠᠭᠠᠷᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ | ᠰᠢᠯᠭᠠᠷᠠᠭᠰᠠᠨ ᠬᠡᠪ ᠪᠣᠯᠪᠠᠰᠤᠷᠠᠯ ᠴᠢᠳᠠᠪᠤᠷᠢ ᠪᠠᠷ ᠢᠶᠠᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ |