ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠷᠣᠭᠠᠨ ᠤᠷᠤᠭᠰᠠᠨ ᠴᠠᠭ ᠠᠭᠤᠷ ᠢ ᠢᠳᠡᠪᠬᠢᠲᠡᠶ ᠪᠠᠷ ᠠᠷᠭᠠᠴᠠᠵᠤ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2023/9/5
      8 ᠰᠠᠷ᠎ᠠ ᠶᠢᠨ 10 ᠤ ᠡᠳᠦᠷ ᠤᠨ 17 ᠴᠠᠭ ᠤᠨ ᠦᠶ᠎ᠡ ᠪᠠᠷ᠂ ᠦᠬᠠᠶ ᠬᠤᠲᠠ ᠳᠤ ᠰᠢᠷᠦᠭᠦᠨ ᠪᠣᠷᠣᠭᠠᠨ ᠴᠢᠳᠬᠤᠯᠠᠵᠤ᠂ ᠶᠡᠭᠡ ᠬᠡᠮᠵᠢᠶᠡᠨ ᠤ ᠪᠣᠷᠣᠭᠠᠨ ᠤ ᠤᠰᠤ ᠭᠠᠵᠠᠷ ᠤᠨ ᠪᠠᠶᠢᠴᠠ ᠳᠣᠤᠷ᠎ᠠ ᠵᠠᠮ ᠤᠨ ᠬᠡᠰᠡᠭ ᠲᠤ ᠤᠷᠤᠰᠤᠨ ᠣᠷᠣᠵᠤ᠂ ᠬᠠᠷᠢᠶᠠᠲᠤ ᠣᠷᠣᠨ ᠤ ᠬᠡᠰᠡᠭ ᠵᠠᠮ ᠤᠨ ᠬᠡᠰᠡᠭ ᠪᠠ ᠣᠯᠠᠨ ᠬᠥᠭᠦᠷᠭᠡᠨ ᠬᠥᠨᠳᠡᠶ ᠳᠤ ᠬᠦᠨᠳᠦ ᠨᠣᠴᠢᠲᠠᠶ ᠤᠰᠤ ᠬᠤᠷᠠᠵᠤ᠂ ᠶᠠᠪᠠᠭᠠᠨ ᠬᠥᠮᠦᠨ᠂ ᠲᠡᠷᠭᠡ ᠬᠥᠰᠬᠡ ᠬᠡᠪ ᠤᠨ ᠪᠠᠶᠢᠳᠠᠯ ᠢᠶᠠᠷ ᠨᠡᠪᠲᠡᠷᠡᠵᠦ ᠳᠡᠶᠢᠯᠬᠦ ᠥᠬᠡᠶ ᠪᠣᠯᠪᠠ᠃ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠪᠠ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠦᠬᠠᠢ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠦᠷᠭᠡᠨ ᠲᠤᠰᠬᠠᠯ ᠭᠠᠷᠭᠠᠵᠤ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠪᠡ᠃
微信图片_20230828211057.jpg
微信图片_20230828211113.jpg
     ᠲᠠᠶᠢᠨ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠪᠦᠬᠦᠨ ᠢ ᠬᠠᠮᠤᠷᠴᠤ᠂ ᠥᠨᠴᠥᠭ ᠪᠣᠯᠣᠩ ᠦᠭᠡᠢ ᠵᠢᠭᠰᠠᠭᠠᠨ ᠪᠠᠶᠢᠴᠠᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠪᠣᠯᠤᠮᠵᠢᠲᠠᠶ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠲᠤᠷᠠᠨ᠂ ᠤᠰᠤ ᠬᠤᠷᠠᠭᠰᠠᠨ ᠬᠦᠨᠳᠦ ᠨᠣᠴᠢᠲᠠᠶ ᠵᠠᠮ ᠪᠠ ᠰᠢᠪᠠᠷ ᠰᠢᠷᠣᠶ ᠲᠠᠢ ᠵᠠᠮ ᠤᠨ ᠬᠡᠰᠡᠭ ᠲᠤ ᠪᠠᠶᠢᠴᠠᠭᠠᠯᠲᠠ ᠥᠷᠨᠢᠭᠦᠯᠪᠡ︔ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠠᠮᠠᠷᠬᠠᠨ ᠤᠰᠤ ᠬᠤᠷᠠᠬᠤ ᠵᠠᠮ ᠤᠨ ᠬᠡᠰᠡᠭ᠂ ᠠᠳᠡᠯ ᠠᠮᠠᠷᠬᠠᠨ ᠭᠠᠷᠬᠤ ᠴᠡᠭ᠂ ᠤᠰᠤ ᠬᠤᠷᠠᠵᠤ ᠪᠢᠲᠡᠭᠦᠮᠵᠢᠯᠡᠭᠰᠡᠨ ᠵᠠᠮ ᠤᠨ ᠬᠡᠰᠡᠭ ᠢ ᠴᠠᠭ ᠲᠤᠬᠠᠶ ᠳᠤ ᠨᠢ ᠨᠡᠶᠢᠲᠡᠯᠡᠪᠡ︔ ᠴᠠᠭ ᠠᠭᠤᠷ ᠤᠨ ᠪᠠᠶᠢᠳᠠᠯ ᠢ ᠴᠠᠭ ᠲᠤᠬᠠᠶ ᠳᠤ ᠨᠢ ᠠᠩᠬᠠᠷᠴᠤ᠂ ᠭᠤᠤᠯ ᠵᠠᠮ᠂ ᠠᠮᠠᠷᠬᠠᠨ ᠤᠰᠤ ᠬᠤᠷᠠᠬᠤ ᠵᠠᠮ ᠤᠨ ᠬᠡᠰᠡᠭ᠂ ᠠᠮᠠᠷᠬᠠᠨ ᠲᠦᠭᠵᠢᠷᠡᠬᠦ ᠵᠠᠮ ᠤᠨ ᠬᠡᠰᠡᠭ ᠲᠤ ᠴᠢᠭᠯᠡᠭᠦᠯᠦᠨ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ᠂ ᠲᠤᠰᠠᠭᠠᠷᠯᠠᠬᠤ᠂ ᠵᠠᠮ ᠬᠠᠷᠢᠯᠴᠠᠭᠠᠨ ᠤ ᠲᠣᠭᠤᠷᠢᠤ ᠶᠠᠪᠤᠬᠤ ᠶᠢ ᠰᠠᠨᠠᠭᠤᠯᠬᠤ ᠫᠠᠶᠢᠰᠠ ᠵᠡᠷᠭᠡ ᠪᠠᠴᠢᠮ ᠪᠠᠶᠢᠳᠠᠯ ᠢ ᠠᠷᠭᠠᠴᠠᠬᠤ ᠵᠠᠮ ᠬᠠᠷᠢᠯᠴᠠᠭᠠᠨ ᠤ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠪᠠ︔ ᠵᠢᠯᠣᠭᠤᠳᠤᠨ ᠵᠣᠬᠢᠴᠠᠭᠤᠯᠬᠤ ᠠᠵᠢᠯ ᠢ ᠴᠢᠩᠭᠠᠳᠬᠠᠵᠤ᠂ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠨᠡᠪᠲᠡᠷᠡᠭᠦᠯᠵᠦ᠂ ᠵᠠᠮ ᠬᠠᠷᠢᠯᠴᠠᠭᠠᠨ ᠤ ᠲᠦᠭᠵᠢᠷᠡᠯ ᠪᠠ ᠵᠠᠮ ᠬᠠᠷᠢᠯᠴᠠᠭᠠᠨ ᠤ ᠠᠳᠡᠯ ᠭᠠᠷᠬᠤ ᠠᠴᠠ ᠰᠡᠷᠭᠡᠶᠢᠯᠡᠪᠡ︔ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠲᠡᠷᠭᠡ ᠬᠥᠰᠬᠡ ᠶᠢᠨ ᠲᠦᠷᠭᠡᠨ ᠥᠩᠭᠡᠷᠡᠬᠦ ᠪᠠ ᠲᠦᠭᠰᠢᠭᠦᠷᠢᠲᠦ ᠪᠠᠶᠢᠳᠠᠯ ᠭᠠᠷᠪᠠᠯ ᠴᠠᠭ ᠲᠤᠬᠠᠶ ᠳᠤ  ᠨᠢ ᠠᠷᠭᠠᠴᠠᠨ ᠰᠢᠢᠳᠪᠦᠷᠢᠯᠡᠵᠦ ᠴᠢᠳᠠᠬᠤ ᠶᠢ ᠪᠠᠲᠤᠯᠠᠪᠠ᠃   
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ