ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠢᠯᠢ ᠠᠯᠤᠰᠯᠠᠨ ᠵᠣᠭᠤᠰ ᠮᠦᠷᠦᠶᠢᠴᠡᠬᠦ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/9/7
      ᠬᠠᠷᠢᠶᠠᠲᠤ ᠣᠷᠣᠨ ᠤ ᠤᠯᠠᠨ ᠲᠦᠮᠡᠨ ᠤ ᠵᠣᠭᠤᠰ ᠮᠦᠷᠦᠶᠢᠴᠡᠬᠦ ᠶᠢ ᠡᠰᠡᠷᠭᠦᠴᠡᠬᠦ᠂ ᠵᠣᠭᠤᠰ ᠮᠦᠷᠦᠶᠢᠴᠡᠬᠦ ᠶᠢ ᠲᠡᠪᠴᠢᠬᠦ ᠤᠬᠠᠮᠰᠠᠷ ᠢ ᠨᠡᠮᠡᠭᠳᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠤ ᠪᠠᠨ ᠭᠦᠨᠵᠡᠭᠡᠶᠢᠷᠡᠨ ᠬᠢᠯᠢ ᠠᠯᠤᠰᠯᠠᠨ ᠵᠣᠭᠤᠰ ᠮᠦᠷᠦᠶᠢᠴᠡᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠬᠠᠭᠤᠯᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠢᠯᠢ ᠠᠯᠤᠰᠯᠠᠨ ᠵᠣᠭᠤᠰ ᠮᠦᠷᠦᠶᠢᠴᠡᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠢᠯᠡᠷᠡᠬᠦ ᠬᠡᠯᠪᠡᠷᠢ᠂ ᠬᠤᠤᠷ ᠬᠥᠨᠥᠭᠡᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠶᠠᠷᠢᠵᠤ᠂ ᠥᠷᠭᠡᠨ ᠣᠯᠠᠨ ᠲᠦᠮᠡᠨ ᠳᠤ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠨᠠᠭᠠᠳᠤᠭᠰᠠᠨ ᠪᠣᠯᠭᠠᠨ ᠵᠣᠭᠤᠰ ᠢᠶᠠᠨ ᠮᠡᠯᠵᠢᠭᠳᠡᠭᠰᠡᠨ ᠮᠥᠨ ᠴᠢᠨᠠᠷ ᠢ ᠲᠣᠳᠣᠷᠬᠠᠶ ᠲᠠᠨᠢᠵᠤ᠂ ᠬᠢᠯᠢ ᠠᠯᠤᠰᠯᠠᠨ ᠵᠣᠭᠤᠰ ᠮᠥᠷᠦ᠋ᠢᠴᠡᠬᠦ ᠠᠴᠠ ᠬᠤᠯᠠᠳᠠᠬᠤ ᠬᠡᠷᠡᠭᠲᠡᠶ᠂ ᠬᠠᠤᠯᠢ ᠪᠤᠰᠤ ᠡᠲᠡᠭᠡᠳ ᠤᠨ ᠨᠠᠷᠢᠨ ᠨᠢᠮᠪᠠᠶ ᠵᠣᠬᠢᠶᠠᠭᠰᠠᠨ ︽ᠭᠡᠨᠡᠳᠲᠡ ᠪᠠᠷ ᠪᠠᠶᠠᠵᠢᠬᠤ ᠵᠡᠭᠦᠳᠦ︾ ᠶᠢ ᠶᠠᠭᠠᠬᠢᠭᠰᠠᠨ ᠴᠤ ᠢᠲᠡᠭᠡᠵᠦ ᠪᠣᠯᠬᠤ ᠥᠬᠡᠶ ᠭᠡᠵᠦ ᠰᠡᠷᠡᠮᠵᠢᠯᠡᠭᠦᠯᠵᠡᠶ᠃ ᠬᠥᠮᠦᠨ ᠣᠯᠠᠨ ᠴᠤᠭᠯᠠᠷᠠᠳᠠᠭ ᠲᠠᠯᠠᠪᠤᠷ ᠲᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠬᠢᠯᠢ ᠠᠯᠤᠰᠯᠠᠨ ᠵᠣᠭᠤᠰ ᠮᠦᠷᠦᠶᠢᠴᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠪᠠᠩᠬᠢ ᠶᠢᠨ ᠦᠢᠯᠡᠰ᠂ ᠰᠢᠯᠵᠢᠮᠡᠯ ᠬᠤᠯᠪᠣᠭᠠᠨ ᠤ ᠣᠷᠣᠯᠠᠨ ᠭᠦᠢᠴᠡᠳᠬᠡᠬᠦ ᠭᠠᠵᠠᠷ ᠵᠡᠷᠭᠡ ᠬᠠᠮᠢᠶ᠎ᠠ ᠪᠥᠬᠦᠶ ᠨᠢᠭᠡᠴᠢ ᠶᠢᠨ ᠠᠵᠢᠯᠯᠠᠭᠴᠢᠳ ᠢ ᠰᠢᠪᠠᠳᠠᠵᠤ ᠪᠠᠶᠢᠭᠠᠳ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠢᠯᠭᠠᠨ ᠲᠠᠨᠢᠬᠤ ᠪᠠᠷ ᠳᠡᠮᠵᠢᠨ ᠬᠡᠪ ᠤᠨ ᠪᠤᠰᠤ ᠺᠠᠷᠲ ᠭᠦᠢᠴᠡᠳᠬᠡᠭᠰᠡᠨ ᠪᠠᠶᠢᠳᠠᠯ ᠣᠷᠣᠰᠢᠵᠤ ᠪᠠᠶᠢᠪᠠᠯ᠂ ᠲᠡᠷᠡ ᠳᠠᠷᠤᠶ ᠳᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠬᠦ ᠬᠡᠷᠡᠭᠲᠡᠶ ᠭᠡᠪᠡ᠃
图片2.jpg
      ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠸᠢᠴᠠᠲ ᠤᠨ ᠬᠤᠯᠪᠣᠭ᠎ᠠ᠂ LED ᠡᠯᠧᠺᠲᠷᠣᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠᠨ ᠥᠷᠭᠡᠳᠬᠡᠨ᠂ ᠥᠷᠭᠡᠨ ᠣᠯᠠᠨ ᠰᠠᠭᠤᠭᠠᠯᠢ ᠠᠷᠠᠳ ᠢ ᠤᠷᠢᠶᠠᠯᠠᠨ ᠬᠢᠯᠢ ᠠᠯᠤᠰᠯᠠᠨ ᠵᠣᠭᠤᠰ ᠮᠦᠷᠦᠶᠢᠴᠡᠬᠦ ᠰᠦᠯᠵᠢᠶ᠎ᠡ ᠶᠢ ᠢᠯᠡᠴᠢᠯᠡᠨ ᠮᠡᠳᠡᠭᠦᠯᠵᠦ᠂ ᠪᠥᠬᠦ ᠠᠷᠠᠳ ᠤᠨ ᠬᠢᠯᠢ ᠠᠯᠤᠰᠯᠠᠨ ᠵᠣᠭᠤᠰ ᠮᠦᠷᠦᠶᠢᠴᠡᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ︽ᠰᠡᠷᠭᠡᠶᠢᠯᠡᠯᠲᠡ ᠶᠢᠨ ᠬᠡᠷᠡᠮ︾ ᠢ ᠴᠢᠷᠮᠠᠶᠢᠨ ᠪᠠᠶᠢᠭᠤᠯᠪᠠ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠢᠩᠭ᠎ᠠ ᠴᠣᠬᠢᠯᠲᠠ ᠥᠭᠬᠦ᠂ ᠪᠦᠲᠦᠮᠵᠢᠲᠡᠢ ᠬᠠᠮᠢᠶᠠᠷᠤᠨ ᠡᠵᠡᠮᠳᠡᠬᠦ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠬᠢᠯᠢ ᠠᠯᠤᠰᠯᠠᠭᠰᠠᠨ ᠵᠣᠭᠤᠰ ᠮᠦᠷᠦᠶᠢᠴᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠡᠵᠡᠮᠳᠡᠬᠦ ︽ᠬᠡᠷᠡᠮ︾ ᠦᠨᠡᠨ ᠬᠦ ᠪᠠᠲᠤᠳᠬᠠᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠠᠭᠤᠷ ᠠᠮᠢᠰᠬᠤᠯ ᠢ ᠡᠷᠡᠰ ᠪᠤᠢ ᠪᠣᠯᠭᠠᠨ᠎ᠠ᠃     ᠴᠠᠭᠳᠠᠭᠠᠨ ᠤ ᠲᠠᠯ᠎ᠠ ᠶᠢᠨ ᠰᠠᠨᠠᠭᠤᠯᠭ᠎ᠠ      ᠬᠢᠯᠢ ᠠᠯᠤᠰᠯᠠᠨ ᠵᠣᠭᠤᠰ ᠮᠦᠷᠦᠶᠢᠴᠡᠬᠦ ᠨᠢ ᠲᠦᠢᠯ ᠤᠨ ᠶᠡᠭᠡ ᠬᠤᠣᠷ ᠬᠥᠨᠥᠭᠡᠯ ᠲᠠᠢ ᠪᠠᠶᠢᠳᠠᠭ ᠪᠣᠯᠬᠤᠷ ᠬᠢᠯᠢ ᠶᠢᠨ ᠭᠠᠳᠠᠨ᠎ᠠ ᠭᠠᠷᠬᠤ ᠪᠤᠶᠤ ᠰᠦᠯᠵᠢᠶᠡᠨ ᠳᠡᠭᠡᠷ᠎ᠡ ᠵᠣᠭᠤᠰ ᠮᠦᠷᠦᠶᠢᠴᠡᠬᠦ ᠳᠤ ᠣᠷᠣᠯᠴᠠᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ᠃ ᠡᠭᠦᠨ ᠤ ᠵᠡᠷᠭᠡ ᠳᠤ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ ᠰᠠᠨᠠᠭᠤᠯᠬᠤ ᠨᠢ᠄ ᠬᠤᠪᠢ ᠬᠥᠮᠦᠨ ᠤ ᠪᠠᠩᠬᠢ ᠶᠢᠨ ᠳᠠᠩᠰᠠᠨ ᠡᠷᠦᠬᠡ᠂ ᠪᠠᠩᠬᠢ ᠶᠢᠨ ᠺᠠᠷᠲ ᠤᠨ ᠳᠠᠩᠰᠠᠨ ᠡᠷᠦᠬᠡ᠂ ᠵᠣᠭᠤᠰ ᠬᠤᠷᠢᠶᠠᠬᠤ ᠨᠣᠮᠧᠷ ᠢ ᠶᠠᠭᠠᠬᠢᠭᠰᠠᠨ ᠴᠤ ᠲᠦᠷᠢᠶᠡᠰᠦᠯᠡᠭᠦᠯᠵᠦ᠂ ᠵᠢᠭᠡᠯᠡᠭᠦᠯᠵᠦ᠂ ᠬᠤᠳᠠᠯᠳᠤᠵᠤ ᠪᠣᠯᠬᠤ ᠦᠭᠡᠶ︔ ᠥᠪᠡᠷ ᠤᠨ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ ᠰᠦᠯᠵᠢᠶᠡᠨ ᠤ ᠪᠠᠩᠬᠢ᠂ U ᠪᠠᠮᠪᠠᠶ᠂ ᠭᠠᠷ ᠤᠲᠠᠰᠤᠨ ᠤ ᠺᠠᠷᠲ ᠢᠶᠠᠨ ᠰᠠᠶᠢᠲᠤᠷ ᠬᠠᠳᠠᠭᠠᠯᠠᠬᠤ ᠬᠡᠷᠡᠭᠲᠡᠶ︔ ᠬᠤᠪᠢ ᠬᠥᠮᠦᠨ ᠤ ᠪᠠᠩᠬᠢ ᠶᠢᠨ ᠲᠠᠩᠰᠠᠨ ᠡᠷᠦᠬᠡ ᠶᠢᠨ ᠮᠡᠳᠡᠭᠡ ᠵᠠᠩᠭᠢ ᠶᠢ ᠲᠦᠷᠢᠶᠡᠰᠦᠯᠡᠭᠦᠯᠬᠦ᠂ ᠵᠢᠭᠡᠯᠡᠭᠦᠯᠬᠦ᠂ ᠬᠤᠳᠠᠯᠳᠤᠬᠤ ᠪᠤᠶᠤ ᠬᠤᠳᠠᠯᠳᠤᠨ ᠠᠪᠬᠤ ᠶᠢ ᠳᠠᠮᠵᠢᠭᠤᠯᠬᠤ ᠪᠠ ᠤᠬᠠᠭᠤᠯᠬᠤ ᠶᠢ ᠲᠡᠪᠴᠢᠬᠦ ᠬᠡᠷᠡᠭᠲᠡᠶ︔ ᠮᠡᠬᠡᠯᠡᠯ ᠤᠨ ᠠᠷᠭ᠎ᠠ ᠪᠠᠷᠢᠯ ᠢᠶᠠᠷ ᠬᠢᠯᠢ ᠠᠯᠤᠰᠯᠠᠭᠰᠠᠨ ᠰᠦᠯᠵᠢᠶ᠎ᠡ ᠪᠠᠷ ᠵᠣᠭᠤᠰ ᠮᠦᠷᠦᠶᠢᠴᠡᠬᠦ ᠳᠤ ᠣᠷᠣᠯᠴᠠᠭᠤᠯᠤᠭᠰᠠᠨ ᠬᠥᠮᠦᠰ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠴᠠᠭ ᠲᠤᠬᠠᠶ ᠳᠤ ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠬᠡᠷᠡᠭ ᠮᠡᠳᠡᠭᠦᠯᠬᠦ ᠬᠡᠷᠡᠭᠲᠡᠶ᠃ 
ᠢᠷᠡᠯᠲᠡ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ