2023 ᠣᠨ ᠤ 9 ᠳ᠋ᠦ᠋ᠭᠡᠷ ᠰᠠᠷ᠎ᠠ ᠶᠢᠨ 5 ᠤ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ | ᠳᠤᠭᠤᠶᠢᠯᠠᠩ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠠᠯᠠᠪᠠᠢ ᠳᠤ ︽ᠠᠷᠠᠳ ᠲᠦᠮᠡᠨ ᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ | ᠬᠠᠮᠲᠤ ᠪᠠᠷ ᠪᠠᠶᠢᠭᠤᠯᠵᠤ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ︾ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠰᠦᠷᠳᠡᠭᠦᠯᠦᠯ ᠢ | ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠲᠥᠯᠥᠭᠡᠯᠡᠭᠴᠢ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ | | | | | ᠶᠡᠷᠦᠩᠬᠡᠢ ᠵᠢᠯᠣᠭᠤᠳᠣᠭᠴᠢ ᠶᠢᠨ ᠵᠠᠷᠯᠢᠭ ᠪᠠᠭᠤᠬᠤ ᠶᠢ ᠳᠠᠭᠠᠯᠳᠤᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ | ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠪᠠᠶᠢᠯᠳᠤᠬᠤ ᠠᠷᠭ᠎ᠠ ᠶᠢᠨ ᠲᠣᠭᠯᠠᠯᠲᠠ ᠭᠠᠷᠭᠠᠪᠠ᠃ ᠴᠠᠭᠳᠠᠭᠠᠨ ᠤ ᠵᠡᠪᠰᠡᠭ ᠲᠣᠨᠣᠭᠯᠠᠯ᠂ ᠴᠠᠭᠳᠠᠭᠠᠨ ᠤ | ᠵᠢᠯᠣᠭᠤᠴᠢ ᠦᠭᠡᠢ ᠨᠢᠰᠬᠡᠯ᠂ ᠳᠡᠯᠪᠡᠷᠡᠬᠦ ᠶᠢ ᠰᠡᠷᠭᠡᠶᠢᠯᠡᠬᠦ ᠬᠤᠪᠴᠠᠰᠤ ᠵᠡᠷᠭᠡ ᠴᠠᠭᠳᠠᠭᠠᠨ ᠤ ᠰᠦᠷᠳᠡᠭᠦᠯᠦᠯ ᠢ ᠡᠰᠡᠷᠭᠦᠴᠡᠬᠦ ᠲᠣᠨᠣᠭᠯᠠᠯ ᠤᠨ ᠦᠵᠡᠭᠦᠯᠦᠯᠭᠡ ᠢ | ᠦᠵᠡᠵᠦ᠂ ᠣᠨᠴᠠ ᠲᠥᠷᠥᠯ ᠤᠨ ᠴᠠᠭᠳᠠᠭ᠎ᠠ ᠶᠢᠨ ᠭᠡᠰᠢᠭᠦᠳ ᠡᠯ᠎ᠡ ᠲᠥᠷᠥᠯ ᠤᠨ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ ᠲᠣᠨᠤᠭ | ᠲᠥᠬᠦᠭᠡᠷᠦᠮᠵᠢ ᠶᠢᠨ ᠴᠢᠳᠠᠮᠵᠢ ᠪᠠ ᠦᠢᠯᠡᠳᠦᠯ ᠵᠢᠴᠢ ︽ ᠰᠦᠷᠳᠡᠭᠦᠯᠦᠯ ᠢ ᠡᠰᠡᠷᠭᠦᠴᠡᠬᠦ ᠬᠠᠤᠯᠢ︾ ᠪᠠ ᠠᠷᠠᠳ ᠢᠷᠭᠡᠨ ᠤ ᠰᠦᠷᠳᠡᠭᠦᠯᠦᠯ ᠢ ᠡᠰᠡᠷᠭᠦᠴᠡᠬᠦ | ᠰᠦᠷᠳᠡᠭᠦᠯᠦᠯ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠨᠠᠷᠢᠨ ᠨᠢᠮᠪᠠᠢ ᠲᠠᠶᠢᠯᠪᠤᠷᠢᠯᠠᠵᠤ᠂ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠳᠤᠮᠳᠠ | ᠬᠡᠷᠬᠢᠨ ᠢᠯᠭᠠᠨ ᠲᠠᠨᠢᠬᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠰᠦᠷᠳᠡᠭᠦᠯᠬᠦ ᠦᠵᠡᠯ ᠤᠨ ᠠᠵᠢᠯᠯᠠᠭ᠎ᠠ ᠳᠤ ᠵᠥᠪ ᠢᠶᠠᠷ ᠬᠠᠨᠳᠤᠬᠤ ᠶᠢ | ᠰᠤᠷᠭᠠᠨ ᠬᠥᠮᠦᠵᠢᠭᠦᠯᠵᠦ ᠰᠠᠨᠠᠭᠤᠯᠪᠠ᠃ | | | | ᠠᠵᠢᠯᠯᠠᠭ᠎ᠠ ᠶᠢᠨ ᠲᠠᠯᠠᠪᠠᠢ ᠳᠤ ᠨᠡᠶᠢᠲᠡ ᠠᠮᠤᠷ ᠢ ᠬᠠᠮᠠᠭᠠᠯᠠᠬᠤ ᠤᠬᠠᠭᠤᠯᠭ᠎ᠠ ᠶᠢᠨ ᠰᠠᠭᠤᠳᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠰᠠᠭᠤᠳᠠᠯ᠂ ᠬᠢᠯᠢ ᠪᠠᠷ ᠣᠷᠣᠵᠤ ᠭᠠᠷᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠭᠤᠳᠠᠯ᠂ ᠡᠯ᠎ᠡ ᠪᠦᠷᠢᠯᠳᠦᠬᠦᠨ ᠨᠢᠭᠡᠴᠢ ᠶᠢᠨ ᠰᠦᠷᠳᠡᠭᠦᠯᠦᠯ ᠢ ᠡᠰᠡᠷᠭᠦᠴᠡᠬᠦ | ᠤᠬᠠᠭᠤᠯᠭ᠎ᠠ ᠶᠢᠨ ᠰᠠᠭᠤᠳᠠᠯ ᠵᠡᠷᠭᠡ 20 ᠤᠬᠠᠭᠤᠯᠭ᠎ᠠ ᠶᠢᠨ ᠰᠠᠭᠤᠳᠠᠯ ᠢ ᠲᠣᠬᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠵᠥᠪᠯᠡᠯ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ ᠵᠡᠷᠭᠡ ᠪᠦᠷᠢᠯᠳᠦᠬᠦᠨ ᠨᠢᠭᠡᠴᠢ ᠣᠷᠣᠯᠴᠠᠵᠤ᠂ ᠳᠡᠯᠭᠡᠨ ᠦᠵᠡᠭᠦᠯᠬᠦ | ᠬᠠᠪᠲᠠᠰᠤ ᠲᠠᠯᠪᠢᠬᠤ᠂ ᠬᠡᠷᠡᠭ ᠤᠨ ᠲᠠᠯᠠᠪᠠᠢ ᠶᠢᠨ ᠲᠠᠶᠢᠯᠪᠤᠷᠢ ᠬᠢᠭ᠊᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ᠂ ᠣᠯᠠᠨ | ᠲᠦᠮᠡᠨ ᠤ ᠰᠦᠷᠳᠡᠭᠦᠯᠦᠯ᠂ ᠭᠠᠵᠢᠭᠤ ᠨᠣᠮᠯᠠᠯ᠂ ᠮᠡᠬᠡᠯᠡᠯ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠡᠯ᠎ᠡ | ᠲᠥᠷᠥᠯ ᠤᠨ ᠤᠬᠠᠭᠤᠯᠭ᠎ᠠ ᠶᠢ ᠬᠢᠵᠦ᠂ ᠲᠤᠬᠠᠢ ᠶᠢᠨ ᠲᠠᠯᠠᠪᠤᠷ ᠲᠤ ᠡᠯᠭᠦᠭᠡ ᠪᠢᠴᠢᠭᠡᠰᠦ 12 ᠵᠤᠷᠪᠤᠰ᠂ 23 ᠤᠬᠠᠭᠤᠯᠭ᠎ᠠ ᠶᠢᠨ ᠰᠠᠮᠪᠠᠷ᠎ᠠ ᠶᠢ ᠲᠠᠯᠪᠢᠨ᠂ 600 | ᠭᠠᠷᠤᠢ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠪᠡᠯᠡᠭ 400 ᠭᠠᠷᠤᠢ ᠬᠤᠪᠢ ᠲᠠᠷᠬᠠᠭᠠᠵᠤ᠂ 12 | ᠬᠥᠮᠦᠨ ᠤᠳᠠᠭᠠᠨ ᠤ ᠠᠰᠠᠭᠤᠨ ᠯᠠᠪᠯᠠᠭ᠎ᠠ ᠶᠢ ᠬᠦᠯᠢᠶᠡᠨ ᠠᠪᠴᠤ᠂ ᠠᠬᠤᠢ ᠲᠠᠯᠠᠪᠠᠢ ᠳᠤ 9 ᠬᠥᠮᠦᠨ ᠤᠳᠠᠭ᠎ᠠ ᠠᠯᠪᠠᠯᠠᠵᠤ᠂ ᠲᠤᠬᠠᠢ ᠶᠢᠨ ᠲᠠᠯᠠᠪᠠᠢ ᠳᠤ | ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ app︾ ᠢ 21 ᠬᠥᠮᠦᠨ ᠤᠳᠠᠭ᠎ᠠ ᠤᠭᠰᠠᠷᠠᠵᠤ᠂ ᠣᠯᠠᠨ ᠲᠦᠮᠡᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠭᠦᠯᠵᠦ᠂ ᠤᠬᠠᠭᠤᠯᠭ᠎ᠠ ᠶᠢᠨ ᠠᠵᠢᠯᠯᠠᠭ᠎ᠠ ᠵᠢᠱᠢᠭᠰᠡᠨ ᠦᠷ᠎ᠡ ᠪᠦᠲᠦᠮᠵᠢ ᠳᠤ ᠬᠦᠷᠪᠡ᠃ |