ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ ᠬᠤᠯᠠᠭᠠᠶᠢᠯᠠᠭᠰᠠᠨ ᠰᠢᠷᠢᠰ ᠬᠡᠷᠡᠭ ᠢ ᠠᠮᠵᠢᠯᠲᠠ ᠲᠠᠢ ᠪᠠᠷ ᠢᠯᠡᠷᠡᠭᠦᠯᠪᠡ
ᠨᠡᠶᠢᠲᠡᠯᠡᠭᠰᠡᠨ ᠴᠠᠭ᠄
2024/1/25
      ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠮᠠᠭᠲᠠ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠡᠯ᠎ᠡ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠬᠠᠮᠠᠭᠠᠯᠠᠭᠰᠠᠭᠠᠷ ᠢᠷᠡᠵᠡᠶ᠃ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠪᠣᠭᠤᠮᠲᠠ ᠰᠢᠪᠲᠤᠯᠵᠤ᠂ ᠭᠦᠨ ᠠᠭᠤᠳᠠᠯᠤᠨ ᠱᠤᠭᠤᠮ ᠢ ᠥᠷᠭᠡᠳᠬᠡᠬᠦ ᠪᠠᠷ ᠳᠡᠮᠵᠢᠨ᠂ ᠠᠵᠤ ᠠᠬᠤᠶᠢᠯᠠᠯ ᠳᠤ ᠬᠤᠯᠪᠣᠭᠳᠠᠭᠰᠠᠨ 76 ᠬᠤᠯᠠᠭᠠᠶᠢᠯᠠᠭᠰᠠᠨ ᠬᠡᠷᠡᠭ ᠢ ᠠᠮᠵᠢᠯᠲᠠᠲᠠᠶ ᠢᠯᠡᠷᠡᠭᠦᠯᠵᠦ᠂ ᠶᠠᠯ᠎ᠠ ᠬᠢᠭᠰᠡᠨ 14 ᠰᠡᠵᠢᠭᠳᠡᠨ ᠢ ᠪᠠᠷᠢᠪᠴᠢᠯᠠᠵᠤ᠂ 20 ᠭᠠᠷᠤᠶ ᠲᠦᠮᠡᠨ ᠲᠥᠭᠦᠷᠢᠭ ᠤᠨ ᠥᠷᠲᠡᠭ ᠪᠥᠬᠦᠶ ᠬᠡᠷᠡᠭ ᠲᠤ ᠬᠤᠯᠪᠣᠭᠳᠠᠭᠰᠠᠨ ᠪᠠᠶᠢᠨ᠎ᠠ᠃
嫌疑人运输盗窃葵花籽车辆.jpg
     2023 ᠣᠨ ᠤ 4 ᠰᠠᠷ᠎ᠠ ᠶᠢᠨ 30 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠶᠡᠭᠡ ᠠᠩᠭᠢ ᠤᠷᠠᠳ ᠤᠨ ᠡᠮᠦᠨᠡᠲᠦ ᠬᠤᠰᠢᠭᠤᠨ ᠤ ᠨᠢᠭᠡᠨ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠠᠬᠢ ᠶᠡᠭᠡ ᠬᠡᠮᠵᠢᠶᠡᠨ ᠤ ᠲᠣᠰᠣᠨ ᠤ ᠵᠦᠢᠯ᠂ ᠪᠣᠯᠣᠳ ᠬᠤᠭᠤᠯᠠᠶ᠂ ᠵᠡᠰ ᠬᠠᠪᠲᠠᠰᠤ ᠵᠡᠷᠭᠡ ᠡᠳ᠋ ᠪᠣᠳᠠᠰ ᠬᠤᠯᠠᠭᠠᠶᠢᠯᠠᠭᠳᠠᠵᠤ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ ᠯᠤᠲᠤ ᠶᠡᠭᠡ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠦᠳᠲᠡᠷ ᠲᠦᠷᠭᠡᠨ ᠢᠶᠠᠷ ᠲᠤᠬᠠᠶ ᠶᠢᠨ ᠲᠠᠯᠠᠪᠠᠶ ᠳᠤ ᠬᠦᠷᠴᠦ ᠲᠤᠷᠰᠢᠨ ᠪᠠᠶᠢᠴᠠᠭᠠᠬᠤ ᠠᠵᠢᠯ ᠢ ᠥᠷᠨᠢᠭᠦᠯᠪᠡ᠃ ᠲᠣᠰ ᠺᠣᠮᠫᠠᠨᠢ 2020 ᠣᠨ ᠤ 7 ᠰᠠᠷ᠎ᠠ ᠳᠤ ᠨᠢᠭᠡᠨᠲᠡ ᠦᠢᠯᠡᠳᠪᠦᠷᠢᠯᠡᠯ ᠢᠶᠠᠨ ᠵᠣᠭᠰᠣᠭᠠᠭᠰᠠᠨ ᠪᠣᠯᠬᠤᠷ ᠬᠤᠯᠠᠭᠠᠶᠢᠯᠠᠭᠳᠠᠭᠰᠠᠨ ᠪᠣᠳᠠᠲᠠᠶ ᠴᠠᠭ ᠨᠢ ᠲᠣᠳᠣᠷᠬᠠᠶ ᠥᠬᠡᠶ ᠮᠥᠷᠲᠡᠭᠡᠨ ᠲᠣᠰ ᠺᠣᠮᠫᠠᠨᠢ ᠨᠢ ᠪᠤᠶᠢᠳᠠ ᠪᠥᠭᠯᠡᠭᠦᠤ ᠬᠤᠲᠠ ᠶᠢᠨ ᠲᠡᠭᠦᠷᠭᠡ ᠳᠤ ᠪᠠᠶᠢᠷᠢᠯᠠᠵᠤ᠂ ᠦᠢᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠳᠤ ᠨᠢ ᠬᠢᠨᠠᠨ ᠡᠵᠡᠮᠳᠡᠭᠦᠷ ᠥᠬᠡᠶ ᠪᠣᠯᠬᠤᠷ ᠬᠡᠷᠡᠭ ᠢ ᠳᠡᠩᠨᠡᠨ ᠢᠯᠡᠷᠡᠭᠦᠯᠬᠦ ᠳᠤ ᠮᠠᠰᠢ ᠶᠡᠭᠡ ᠬᠦᠴᠢᠷᠳᠡᠯ ᠤᠴᠠᠷᠠᠭᠤᠯᠤᠭᠰᠠᠨ ᠪᠠᠶᠢᠨ᠎ᠠ᠃      ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠲᠤᠷᠰᠢᠨ ᠪᠠᠶᠢᠴᠠᠭᠠᠬᠤ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠶᠡᠭᠡ ᠬᠡᠮᠵᠢᠶᠡᠨ ᠤ ᠮᠥᠷᠳᠡᠨ ᠪᠠᠶᠢᠴᠠᠭᠠᠬᠤ ᠠᠵᠢᠯ ᠢ ᠥᠷᠨᠢᠭᠦᠯᠵᠦ᠂ ᠬᠡᠷᠡᠭ ᠤᠨ ᠰᠢᠪᠲᠤᠯᠤᠯᠲᠠ ᠶᠢᠨ ᠴᠡᠭ ᠢ ᠴᠢᠷᠮᠠᠶᠢᠨ ᠡᠷᠢᠵᠦ᠂ ᠡᠴᠦᠰ ᠲᠤ ᠪᠠᠨ ᠨᠢᠭᠡᠨ ᠰᠡᠵᠢᠭᠯᠡᠯᠲᠡᠶ ᠲᠠᠷᠢᠶᠠᠯᠠᠩ ᠤᠨ ᠲᠡᠷᠭᠡᠨ ᠳᠡᠭᠡᠷ᠎ᠡ ᠠᠴᠠ ᠶᠡᠭᠡ ᠬᠡᠮᠵᠢᠶᠡᠨ ᠤ ᠬᠤᠯᠠᠭᠠᠶᠢᠯᠠᠭᠳᠠᠭᠰᠠᠨ ᠲᠣᠰᠣᠨ ᠤ ᠵᠦᠢᠯ ᠢ ᠢᠯᠡᠷᠡᠭᠦᠯᠵᠦ᠂ ᠵᠠᠮ ᠢ ᠳᠠᠭᠠᠵᠤ ᠴᠠᠭᠳᠠᠨ ᠮᠥᠷᠳᠡᠯᠲᠡ ᠪᠠᠷ ᠳᠠᠮᠵᠢᠭᠤᠯᠤᠨ᠂ ᠨᠢᠭᠡ ᠯᠡ ᠳᠡᠭᠡᠷ᠎ᠡ ᠶᠠᠯ᠎ᠠ ᠬᠢᠭᠰᠡᠨ 5 ᠰᠡᠵᠢᠭᠳᠡᠨ ᠢ ᠪᠠᠷᠢᠪᠴᠢᠯᠠᠪᠠ᠃ ᠭᠡᠨᠡᠳᠲᠡ ᠶᠢᠨ ᠰᠢᠭᠦᠯᠲᠡ ᠪᠠᠷ ᠳᠠᠮᠵᠢᠭᠠᠳ᠂ ᠲᠣᠰ ᠲᠠᠪᠤᠨ ᠬᠥᠮᠦᠨ ᠲᠣᠰᠣᠨ ᠤ ᠵᠦᠢᠯ ᠢ ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠭᠰᠡᠨ ᠪᠥᠭᠡᠳ ᠡᠭᠦᠨ ᠠᠴᠠ ᠡᠮᠦᠨ᠎ᠡ ᠣᠯᠠᠨ ᠤᠳᠠᠭ᠎ᠠ ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠲᠤᠰᠢᠶᠠᠵᠠᠶ᠃      ᠪᠠᠶᠢᠯᠳᠤᠭᠠᠨ ᠤ ᠦᠷ᠎ᠡ ᠪᠦᠳᠦᠮᠵᠢ ᠪᠠᠨ ᠤᠯᠠᠮ ᠥᠷᠭᠡᠳᠬᠡᠬᠦ ᠶᠢᠨ ᠲᠥᠯᠥᠭᠡ᠂ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠨᠢᠭᠡᠨᠲᠡ ᠡᠵᠡᠮᠰᠢᠭᠰᠡᠨ ᠶᠠᠯ᠎ᠠ ᠶᠢᠨ ᠭᠡᠷᠡᠴᠢ ᠪᠠᠷᠢᠮᠲᠠ ᠶᠢᠨ ᠰᠠᠭᠤᠷᠢᠨ ᠳᠡᠭᠡᠷ᠎ᠡ᠂ ᠲᠣᠰ ᠡᠪᠰᠡᠯ ᠪᠦᠯᠦᠭ ᠤᠨ ᠪᠦᠷᠢᠯᠳᠦᠬᠦᠨ ᠤ ᠨᠡᠶᠢᠭᠡᠮ ᠤᠨ ᠬᠠᠷᠢᠴᠠᠭ᠎ᠠ᠂ ᠰᠣᠯᠢᠯᠴᠠᠭᠠᠨ ᠤ ᠴᠤᠪᠤᠷᠠᠯ᠂ ᠦᠢᠯᠡ ᠠᠵᠢᠯᠯᠠᠭᠠᠨ ᠤ ᠵᠠᠮ ᠮᠥᠷ ᠵᠡᠷᠭᠡ ᠮᠡᠳᠡᠭᠡ ᠵᠠᠩᠭᠢ ᠶᠢ ᠨᠠᠷᠢᠨ ᠨᠢᠮᠪᠠᠶ ᠰᠤᠳᠤᠯᠤᠨ ᠮᠠᠭᠠᠳᠯᠠᠵᠤ ᠭᠦᠨ ᠠᠭᠤᠳᠠᠯᠬᠤ ᠪᠠᠷ ᠳᠠᠮᠵᠢᠨ᠂ ᠤᠷᠢᠳ ᠬᠤᠵᠢᠳ ᠲᠣᠰ ᠬᠡᠷᠡᠭ ᠤᠨ ᠪᠤᠰᠤᠳ ᠬᠠᠮᠰᠠᠭᠠᠲᠠᠨ ᠤ ᠪᠦᠷᠢᠯᠳᠦᠬᠦᠨ ᠵᠢᠴᠢ ᠳᠣᠤᠷᠠᠳᠤ ᠤᠷᠤᠰᠬᠠᠯ ᠤᠨ ᠪᠤᠵᠠᠷ ᠡᠳ᠋ ᠪᠣᠷᠣᠯᠠᠭᠤᠯᠤᠭᠰᠠᠨ ᠬᠥᠮᠦᠰ ᠤᠨ ᠪᠡᠶ᠎ᠡ ᠬᠡᠮ ᠤᠨ ᠮᠡᠳᠡᠭᠡ ᠵᠠᠩᠭᠢ ᠶᠢ ᠲᠣᠭᠲᠠᠭᠠᠵᠤ᠂ ᠴᠢᠩᠭ᠎ᠠ ᠨᠢᠮᠪᠠᠶ ᠪᠠᠷᠢᠪᠴᠢᠯᠠᠬᠤ ᠲᠥᠰᠦᠯ ᠲᠣᠭᠲᠠᠭᠠᠨ᠂ 9 ᠶᠠᠯ᠎ᠠ ᠬᠢᠭᠰᠡᠨ ᠰᠡᠵᠢᠭᠳᠡᠨ ᠢ ᠠᠮᠵᠢᠯᠲᠠᠲᠠᠶ ᠪᠠᠷᠢᠪᠴᠢᠯᠠᠪᠠ᠃ ᠣᠳᠣᠬᠠᠨ ᠳᠤ ᠬᠡᠷᠡᠭ ᠢ ᠪᠠᠰᠠ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ