ᠮᠢᠩᠭᠠᠨ ᠭᠠᠵᠠᠷ ᠤᠨ ᠠᠯᠤᠰ ᠠᠴᠠ ᠬᠡᠮᠡᠷᠯᠢᠭ ᠲᠤᠭ ᠢᠯᠡᠭᠡᠵᠦ ᠠᠷᠠᠳ ᠤᠨ ᠴᠠᠭᠳᠠᠭ᠎ᠠ ᠳᠤ ᠲᠠᠯᠠᠷᠬᠠᠪᠠ
ᠨᠡᠶᠢᠲᠡᠯᠡᠭᠰᠡᠨ ᠴᠠᠭ᠄
2024/1/31
     1 ᠳ᠋ᠦ᠋ᠭᠡᠷ ᠰᠠᠷ᠎ᠠ ᠶᠢᠨ 11 ᠤ ᠦᠳᠡ ᠶᠢᠨ ᠡᠮᠦᠨ᠎ᠡ᠂ ᠤᠯᠠᠭᠠᠨᠴᠠᠪ ᠬᠤᠲᠠ ᠵᠢᠨᠢᠩ ᠲᠣᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠴᠠᠭᠳᠠᠭ᠎ᠠ ᠱᠠᠨ ᠰᠢ ᠮᠤᠵᠢ ᠠᠴᠠ ᠢᠷᠡᠭᠦᠯᠦᠭᠰᠡᠨ ᠪᠣᠭᠤᠳᠠᠯ ᠢ ᠨᠡᠭᠡᠭᠡᠬᠦ ᠳᠤ ︽ᠠᠷᠠᠳ ᠣᠯᠠᠨ ᠤ ᠶᠠᠷᠰᠢᠭ ᠲᠥᠪᠡᠭ ᠠᠴᠠ ᠬᠠᠯᠠᠰᠢᠷᠠᠬᠤ ᠥᠬᠡᠶ ᠰᠠᠶᠢᠨ ᠴᠠᠭᠳᠠᠭ᠎ᠠ ᠠᠷᠠᠳ ᠲᠦᠮᠡᠨ ᠤ ᠬᠦᠷᠢᠶᠡᠯᠡᠯ ᠢ ᠣᠯᠤᠮᠤᠢ︾ ᠭᠡᠰᠡᠨ ᠦᠰᠦᠭ ᠲᠠᠢ ᠬᠡᠮᠡᠷᠯᠢᠭ ᠲᠤᠭ ᠪᠠᠶᠢᠪᠠ᠃
微信图片_20240121171821.png  
      ᠤᠤᠯ ᠨᠢ ᠬᠠᠷᠢᠶᠠᠲᠤ ᠣᠷᠣᠨ ᠤ ᠯᠢ ᠠᠪᠠᠭ᠋ᠠᠶ ᠥᠪᠡᠷ ᠤᠨ ᠴᠢᠷᠮᠠᠶᠢᠯᠭ᠎ᠠ ᠪᠠᠷ ᠢᠶᠠᠨ ᠰᠠᠨᠠᠭᠠᠨ ᠳᠤ ᠳᠠᠭᠠᠷᠠᠭᠰᠠᠨ ᠠᠵᠢᠯ ᠤᠨ ᠨᠢᠭᠡᠴᠢ ᠳᠤ ᠰᠢᠯᠭᠠᠭᠤᠯᠤᠨ ᠤᠷᠤᠭᠰᠠᠨ ᠨᠢ ᠨᠢᠭᠡᠨ ᠶᠡᠭᠡ ᠪᠠᠶᠠᠷᠲᠤ ᠶᠠᠪᠤᠳᠠᠯ ᠪᠣᠯᠤᠭᠰᠠᠨ᠃ ᠭᠡᠪᠡᠴᠦ ᠠᠯᠤᠰ ᠬᠤᠯᠠ ᠱᠠᠨ ᠰᠢ ᠮᠤᠵᠢ ᠶᠢᠨ ᠱᠥᠸᠧ ᠵᠧᠤ ᠬᠤᠲᠠ ᠳᠤ ᠪᠠᠶᠢᠭᠰᠠᠨ ᠲᠡᠷᠡ ᠮᠡᠳᠡᠭᠳᠡᠯ ᠢ ᠣᠯᠤᠭᠰᠠᠨ ᠤ ᠳᠠᠷᠠᠭ᠎ᠠ᠂ ᠰᠤᠷᠤᠭᠴᠢ ᠶᠢᠨ ᠢᠷᠡᠯᠲᠡ ᠶᠢᠨ ᠭᠠᠵᠠᠷ ︵ᠵᠢᠨᠢᠩ ᠲᠣᠭᠤᠷᠢᠭ︶ ᠤᠨ ᠲᠣᠮᠢᠯᠠᠭᠰᠠᠨ ᠰᠠᠯᠪᠤᠷᠢ ᠳᠤ ᠣᠴᠢᠵᠤ ᠬᠤᠯᠪᠣᠭᠳᠠᠯ ᠪᠦᠬᠦᠢ ᠭᠡᠷᠡᠴᠢ ᠶᠢ ᠭᠠᠷᠭᠠᠯᠭᠠᠬᠤ ᠬᠡᠷᠡᠭᠲᠡᠶ ᠪᠥᠭᠡᠳ ᠲᠣᠭᠲᠠᠭᠰᠠᠨ ᠬᠤᠭᠤᠴᠠᠭᠠᠨ ᠳᠣᠲᠣᠷ᠎ᠠ ᠲᠤᠰᠢᠶᠠᠬᠤ ᠬᠡᠷᠡᠭᠲᠡᠶ ᠪᠣᠯᠪᠠ᠃ ᠡᠨᠡ ᠨᠢ ᠯᠢ ᠠᠪᠠᠭ᠋ᠠᠶ ᠶᠢ ᠶᠡᠬᠡᠳᠡ ᠵᠣᠪᠠᠭᠠᠵᠤ᠂ ᠭᠡᠷᠡᠴᠢ ᠪᠠᠨ ᠲᠤᠰᠢᠶᠠᠬᠤ ᠴᠠᠭ ᠪᠠᠴᠢᠮ ᠲᠤᠯᠭᠠᠮ᠎ᠠ ᠪᠣᠯᠬᠤᠷ ᠵᠢᠨᠢᠩ ᠲᠣᠭᠤᠷᠢᠭ ᠲᠤ ᠳᠠᠷᠦ᠋ᠢᠬᠠᠨ ᠪᠤᠴᠠᠵᠤ ᠢᠷᠡᠭᠰᠡᠨ ᠴᠦ ᠭᠠᠷᠠᠭ ᠤᠨ ᠰᠡᠭᠦᠯᠴᠢ ᠳᠤ ᠲᠣᠬᠢᠶᠠᠯᠳᠤᠵᠤ᠂ ᠠᠵᠢᠯ ᠤᠨ ᠡᠳᠦᠷ ᠪᠢᠰᠢ ᠪᠣᠯ ᠭᠡᠷᠡᠴᠢ ᠭᠠᠷᠭᠠᠵᠤ ᠥᠭᠬᠦ ᠶᠢᠨ ᠠᠷᠭ᠎ᠠ ᠦᠭᠡᠶ ᠪᠣᠯᠬᠤ ᠠᠴᠠ ᠠᠶᠤᠵᠤ ᠪᠠᠶᠢᠪᠠ᠃ ᠯᠢ ᠠᠪᠠᠭ᠋ᠠᠶ ᠠᠷᠭ᠎ᠠ ᠪᠤᠰᠤ ᠪᠠᠶᠢᠳᠠᠯ ᠤᠨ ᠳᠣᠤᠷ᠎ᠠ᠂ ᠰᠣᠷᠣᠭᠴᠢ ᠶᠢᠨ ᠢᠷᠡᠯᠲᠡ ᠶᠢᠨ ᠭᠠᠵᠠᠷ ᠤᠨ ᠨᠡᠶᠢᠭᠡᠮ ᠲᠣᠭᠤᠷᠢᠭ ᠤᠨ ᠸᠢᠴᠠᠲ ᠢ ᠠᠰᠢᠭᠯᠠᠨ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠴᠠᠭᠳᠠᠭ᠎ᠠ ᠲᠠᠢ ᠬᠠᠷᠢᠯᠴᠠᠵᠤ᠂ ᠤᠴᠢᠷ ᠰᠢᠯᠲᠠᠭᠠᠨ ᠢ ᠨᠢ ᠳᠣᠲᠤᠷᠬᠠᠶᠢᠯᠠᠨ ᠶᠠᠷᠢᠪᠠ᠃     ᠪᠠᠶᠢᠳᠠᠯ ᠢ ᠮᠡᠳᠡᠭᠰᠡᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠭᠠᠷᠠᠭ ᠤᠨ ᠠᠮᠠᠷᠠᠯᠲᠠ ᠪᠠᠨ ᠬᠠᠶᠠᠵᠤ᠂ ᠲᠡᠷᠡ ᠳᠠᠷᠤᠶ ᠳᠤ ᠨᠢ ᠲᠣᠮᠢᠯᠠᠭᠰᠠᠨ ᠰᠠᠯᠪᠤᠷᠢ ᠳᠤ ᠪᠠᠨ ᠢᠷᠡᠵᠦ᠂ ᠯᠢ ᠠᠪᠠᠭ᠋ᠠᠶ ᠶᠢ ᠬᠠᠪᠰᠤᠷᠤᠨ ᠬᠤᠯᠪᠣᠭᠳᠠᠯ ᠪᠦᠬᠦᠢ ᠭᠡᠷᠡᠴᠢ ᠶᠢ ᠭᠠᠷᠭᠠᠵᠤ ᠥᠭᠭᠦᠭᠰᠡᠨ ᠪᠥᠭᠡᠳ ᠱᠠᠨ ᠰᠢ ᠶᠢᠨ ᠱᠦᠸᠧ ᠵᠧᠤ ᠬᠤᠲᠠ ᠳᠤ ᠪᠠᠶᠢᠭ᠎ᠠ ᠯᠢ ᠠᠪᠠᠭ᠋ᠠᠶ ᠳᠤ ᠰᠢᠦᠳᠠᠨ ᠢᠶᠠᠷ ᠢᠯᠡᠭᠡᠪᠡ᠃ ᠯᠢ ᠠᠪᠠᠭ᠋ᠠᠶ ᠭᠡᠷᠡᠴᠢᠯᠡᠯ ᠢ ᠣᠯᠤᠭᠰᠠᠨ ᠤ ᠳᠠᠷᠠᠭ᠎ᠠ ᠶᠡᠬᠡᠳᠡ ᠰᠡᠳᠬᠢᠯ ᠬᠥᠳᠡᠯᠵᠦ᠂ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠲᠥᠯᠥᠭᠡ ᠪᠣᠳᠠᠲᠤ ᠠᠵᠢᠯ ᠬᠢᠵᠦ ᠪᠠᠶᠢᠭ᠎ᠠ ᠠᠵᠢᠯ ᠤᠨ ᠰᠤᠷᠲᠠᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠥᠭᠡᠳ ᠬᠡᠮᠡᠷᠯᠢᠭ ᠲᠤᠭ ᠢᠯᠡᠭᠡᠭᠡᠳ ᠲᠠᠯᠠᠷᠬᠠᠵᠤ ᠪᠠᠶᠢᠬᠤ ᠪᠠᠨ ᠢᠯᠡᠳᠭᠡᠪᠡ᠃ 
ᠢᠷᠡᠯᠲᠡ᠄ ᠤᠯᠠᠭᠠᠨᠴᠠᠪ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ