ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ ᠴᠠᠭᠳᠠᠭᠠᠨ ᠤ ᠰᠦᠯᠳᠡ ᠶᠢᠨ ᠢᠷᠠᠭᠤ ᠠᠯᠳᠠᠷ ᠢ ᠰᠠᠬᠢᠨ ᠬᠠᠮᠠᠭᠠᠯᠠᠭᠰᠠᠨ ᠠᠷᠠᠳ ᠤᠨ ᠴᠠᠭᠳᠠᠭ᠎ᠠ — ᠶᠠᠩ ᠽᠠᠢ ᠶᠦᠩ
ᠨᠡᠶᠢᠲᠡᠯᠡᠭᠰᠡᠨ ᠴᠠᠭ᠄
2024/1/31
    ᠶᠠᠩ ᠽᠠᠢ ᠶᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 2003 ᠣᠨ ᠤ 5 ᠰᠠᠷ᠎ᠠ ᠳᠤ ᠳᠣᠲᠣᠭᠠᠳᠤ ᠶᠢ ᠬᠠᠮᠠᠭᠠᠯᠠᠬᠤ ᠠᠵᠢᠯ ᠳᠤ ᠭᠠᠷᠴᠤ᠂ ᠤᠤᠯ ᠨᠢ ᠰᠢᠯᠢ ᠶᠢᠨ ᠭᠤᠣᠯ ᠠᠶᠢᠮᠠᠭ ᠤᠨ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠵᠢᠭᠠᠨ ᠵᠢᠯᠤᠭᠤᠳᠤᠭᠴᠢ ᠪᠠᠶᠢᠵᠠᠢ᠃ ᠠᠵᠢᠯ  ᠳᠤ ᠭᠠᠷᠤᠭᠰᠠᠨ 20 ᠭᠠᠷᠤᠢ ᠵᠢᠯ ᠤᠨ ᠲᠤᠷᠰᠢ᠂ ᠲᠡᠷᠡ ᠤᠯᠠᠠ ᠤ ᠲᠥᠯᠥᠭᠡ ᠵᠢᠳᠬᠦᠵᠦ᠂ ᠡᠷᠡᠰ ᠪᠠᠲᠤ ᠪᠠᠷᠢᠮᠲᠠᠯᠠᠯ ᠲᠠᠢ᠂ ᠬᠦᠴᠢᠷ ᠢ ᠰᠦᠷᠦᠨ ᠤᠷᠤᠭᠰᠢᠯᠠᠬᠤ ᠵᠣᠷᠢᠭ ᠰᠠᠨᠠᠭ᠎ᠠ ᠪᠣᠯᠤᠨ ᠭᠡᠭᠦᠲᠡᠭ ᠳᠦᠭᠦᠷᠡᠩ ᠬᠠᠯᠠᠭᠤᠨ ᠰᠡᠳᠬᠢᠯᠭᠡ ᠪᠠᠷ ᠴᠠᠭᠳᠠᠭ᠎ᠠ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠲᠠᠶᠢᠯᠪᠤᠷᠢᠯᠠᠭᠰᠠᠨ ᠪᠠᠶᠢᠨ᠎ᠠ᠃
微信图片_20240110194151.jpg  
    ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠠᠶᠠᠨ ᠵᠠᠮ ᠳᠤ᠂ ᠲᠡᠷᠡ ᠨᠥᠬᠦᠳ ᠢᠶᠠᠨ ᠳᠠᠭᠠᠭᠤᠯᠤᠨ ᠰᠢᠷᠦᠭᠦᠨ ᠪᠣᠷᠣᠭᠠᠨ ᠰᠢᠪᠠᠷ ᠱᠠᠯᠴᠢᠭ ᠢ ᠲᠤᠭᠤᠯᠵᠤ᠂ ᠡᠬᠡ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠰᠤᠨᠳᠠᠯᠠᠵᠤ᠂ ᠶᠡᠷᠦᠩᠬᠡᠢ ᠠᠶᠠᠯᠠᠯ ᠨᠢ 5 ᠲᠦᠮᠡᠨ ᠺᠢᠯᠦᠮᠧᠲᠷ ᠢ ᠳᠠᠪᠠᠵᠤ᠂ 160 ᠭᠠᠷᠤᠢ ᠡᠳᠦᠷ ᠠᠶᠠᠯᠠᠵᠤ᠂ ᠶᠠᠯ᠎ᠠ ᠬᠢᠭᠰᠡᠨ ᠰᠡᠵᠢᠭᠳᠡᠨ ᠢ ᠨᠢᠭᠡᠳ ᠨᠢᠭᠡ ᠪᠠᠷ ᠪᠠᠷᠢᠪᠴᠢᠯᠠᠪᠠ᠃ ᠠᠮᠢᠨ ᠬᠡᠷᠡᠭ᠂ ᠳᠠᠷᠤᠭᠳᠠᠮᠠᠯ ᠬᠡᠷᠡᠭ ᠢ ᠲᠠᠩᠨᠠᠨ ᠢᠯᠡᠷᠡᠭᠦᠯᠬᠦ ᠶᠠᠪᠤᠴᠠ ᠳᠤ᠂ ᠲᠡᠷᠡ ᠬᠤᠷᠴᠠ ᠰᠡᠷᠭᠡᠭ ᠬᠠᠷᠠᠴᠠ ᠪᠠ ᠨᠠᠷᠢᠨ ᠨᠢᠭᠲᠠ ᠰᠡᠳᠬᠢᠯᠭᠡ ᠪᠠᠷ ᠰᠦᠪᠡᠭᠴᠢ ᠶᠢ ᠡᠮᠬᠢᠯᠡᠨ ᠲᠢᠭᠯᠡᠵᠦ᠂ ᠵᠠᠳᠠᠯᠤᠨ ᠮᠠᠭᠠᠳᠯᠠᠵᠤ᠂ ᠬᠤᠣᠷᠯᠠᠭᠳᠠᠭᠰᠠᠳ ᠤᠨ ᠭᠡᠷ ᠪᠦᠯᠢ ᠶᠢᠨ ᠬᠢᠨ ᠳᠤ 17 ᠵᠢᠯ ᠠᠯᠤᠰᠯᠠᠭᠠᠳ ᠦᠨᠡᠨ ᠪᠠᠶᠢᠳᠠᠯ ᠢ ᠲᠣᠳᠣᠷᠠᠭᠤᠯᠵᠤ᠂ ᠲᠡᠳᠡᠨ ᠢ ᠲᠠᠶᠢᠳᠬᠤᠷᠠᠭᠤᠯᠪᠠ᠃ ᠲᠡᠷᠡ ᠪᠠᠰᠠ ᠰᠢᠶᠠᠩᠭᠠᠩ ᠤᠨ ᠰᠠᠭᠤᠭᠠᠯᠢ ᠠᠷᠠᠳ ᠯᠢᠦ ᠣᠪᠣᠭᠲᠤ ᠶᠢ ᠤᠤᠯᠭᠠᠯᠠᠭᠰᠠᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠬᠤ ᠳᠤ ᠣᠷᠣᠯᠴᠠᠵᠤ ᠭᠠᠷᠮᠠᠭᠠᠶ ᠴᠢᠳᠠᠪᠤᠷᠢ ᠪᠠᠨ ᠢᠯᠡᠷᠡᠭᠦᠯᠦᠭᠰᠡᠨ ᠪᠠᠶᠢᠨ᠎ᠠ᠃ ᠤᠳᠠᠭ᠎ᠠ ᠪᠦᠷᠢ ᠶᠢᠨ ᠠᠵᠢᠯᠯᠠᠭ᠎ᠠ ᠨᠢ ᠴᠥᠮ ᠶᠠᠯ᠎ᠠ ᠬᠢᠭᠰᠡᠨ ᠰᠡᠵᠢᠭᠳᠡᠨ ᠲᠠᠢ ᠦᠵᠡᠯᠴᠡᠵᠦ ᠪᠠᠶᠢᠭ᠎ᠠ ᠶᠠᠪᠤᠳᠠᠯ ᠮᠥᠨ᠂ ᠪᠠᠰᠠ ᠴᠤ ᠲᠡᠭᠦᠨ ᠤ ᠰᠢᠳᠤᠷᠭᠤ ᠶᠣᠰᠣ ᠶᠢ ᠪᠠᠲᠤ ᠰᠠᠬᠢᠵᠤ ᠪᠠᠶᠢᠭ᠎ᠠ ᠶᠠᠪᠤᠳᠠᠯ ᠶᠤᠮ᠃ ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠬᠤᠰᠢᠭᠤᠴᠢ ᠴᠡᠷᠢᠭ ᠤᠨ ᠰᠦᠷ ᠬᠦᠴᠦ ᠶᠢ ᠭᠡᠷᠡᠴᠢᠯᠡᠪᠡ᠃
 微信图片_20240110194354.jpg 
    ︽ᠦᠨᠡᠨᠴᠢ ᠰᠢᠳᠤᠷᠭᠤ᠂ ᠬᠠᠷᠢᠭᠤᠴᠠᠯᠭ᠎ᠠ ᠲᠠᠢ᠂ ᠪᠤᠰᠤᠳ ᠢ ᠬᠠᠪᠰᠤᠷᠤᠨ ᠳᠡᠮᠵᠢᠳᠡᠭ︾ ᠪᠣᠯ ᠬᠠᠮᠲᠤ ᠠᠵᠢᠯᠯᠠᠭᠰᠠᠳ ᠤᠨ ᠶᠠᠩ ᠽᠠᠢ ᠶᠦᠩ ᠤᠨ ᠲᠤᠬᠠᠢ ᠬᠠᠮᠲᠤ ᠶᠢᠨ ᠰᠠᠭᠤᠭᠳᠠᠯ ᠪᠣᠯᠤᠨ᠎ᠠ᠃ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠵᠢᠭᠠᠨ ᠵᠢᠯᠣᠭᠤᠳᠣᠭᠴᠢ ᠪᠣᠯᠤᠭᠰᠠᠨ ᠤ ᠬᠤᠪᠢ ᠳᠤ᠂ ᠶᠠᠩ ᠽᠠᠢ ᠶᠦᠩ ᠡᠯᠪᠡᠭ ᠲᠤᠷᠰᠢᠯᠭ᠎ᠠ ᠲᠠᠢ᠂ ᠲᠤᠷᠰᠢᠨ ᠪᠠᠶᠢᠴᠠᠭᠠᠬᠤ᠂ ᠪᠠᠷᠢᠪᠴᠢᠯᠠᠬᠤ᠂ ᠰᠢᠭᠦᠨ ᠠᠰᠠᠭᠤᠬᠤ ᠵᠡᠷᠭᠡ ᠶᠠᠪᠤᠴᠠ ᠳᠤᠮᠳᠠ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠦᠨᠳᠦ ᠶᠡᠭᠡ ᠡᠷᠡᠭᠦᠦ ᠶᠢᠨ ᠬᠡᠷᠡᠭ ᠢ ᠣᠯᠠᠨᠲᠠ ᠢᠯᠡᠷᠡᠭᠦᠯᠪᠡ᠃ ᠠᠵᠢᠯ ᠤᠨ ᠬᠢᠷᠢ ᠪᠦᠲᠦᠮᠵᠢ ᠲᠣᠪᠤᠶᠢᠮ᠎ᠠ ᠠᠴᠠ ᠪᠣᠯᠵᠣ᠂ ᠲᠡᠷᠡ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ 5 ᠤᠳᠠᠭ᠎ᠠ ᠳᠡᠮᠳᠡᠭᠯᠡᠭᠦᠯᠵᠦ᠂ ᠬᠤᠪᠢ ᠬᠥᠮᠦᠨ ᠤ ᠰᠠᠶᠢᠰᠢᠶᠠᠯ ᠬᠦᠬᠢᠭᠦᠯᠦᠯ ᠢ 1 ᠤᠳᠠᠭ᠎ᠠ ᠬᠥᠷᠳᠡᠵᠦ᠂ ᠣᠯᠠᠨ ᠤᠳᠠᠭ᠎ᠠ ᠪᠥᠬᠦ ᠬᠤᠰᠢᠭᠤᠨ ᠤ ᠰᠢᠯᠢᠳᠡᠭ ᠠᠯᠪᠠᠲᠠᠨ ᠢᠶᠠᠷ ᠦᠨᠡᠯᠡᠭᠳᠡᠪᠡ᠃    ᠣᠯᠠᠨ ᠵᠢᠯ ᠤᠨ ᠲᠤᠷᠰᠢ᠂ ᠲᠡᠷᠡ ᠨᠥᠬᠦᠳ ᠲᠠᠢ ᠪᠠᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠠᠵᠢᠯ ᠳᠤ ᠮᠢᠩᠭ᠎ᠠ ᠭᠠᠷᠤᠶ ᠤᠳᠠᠭ᠎ᠠ ᠣᠷᠣᠯᠴᠠᠵᠤ᠂ 500 ᠭᠠᠷᠤᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 29 ᠬᠥᠮᠦᠨ ᠠᠯᠠᠭᠰᠠᠨ ᠬᠡᠷᠡᠭ ᠢ ᠢᠯᠡᠷᠠᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠢ ᠵᠠᠭᠤ ᠭᠠᠷᠤᠶ ᠳᠡᠩᠨᠡᠨ ᠢᠯᠡᠷᠡᠭᠦᠯᠵᠦ᠂ 50 ᠭᠠᠷᠤᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠣᠯᠠᠨ ᠲᠦᠮᠡᠨ ᠤ 100 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠠᠶ᠃    ᠲᠡᠷᠡ᠄ ︽ᠠᠷᠠᠳ ᠲᠦᠮᠡᠨ ᠳᠤ ᠠᠮᠤᠷ ᠲᠦᠪᠰᠢᠨ ᠣᠷᠴᠢᠨ ᠲᠤᠭᠤᠷᠢᠨ ᠣᠯᠭᠤᠬᠤ ᠪᠣᠯ ᠪᠢᠳᠡᠨ ᠤ ᠬᠠᠮᠤᠭ ᠤᠨ ᠶᠡᠭᠡ ᠬᠥᠳᠡᠯᠭᠡᠬᠦ ᠬᠦᠴᠦᠨ ᠮᠥᠨ᠃ ᠦᠨᠳᠦᠰᠦᠨ ᠱᠠᠲᠤᠨ ᠤ ᠡᠷᠡᠭᠦᠦ ᠶᠢᠨ ᠴᠠᠭᠳᠠᠭ᠎ᠠ ᠪᠣᠯᠤᠭᠰᠠᠨ ᠤ ᠬᠤᠪᠢ ᠳᠤ᠂ ᠲᠤᠷᠰᠢᠨ ᠪᠠᠶᠢᠴᠠᠭᠠᠵᠤ ᠬᠡᠷᠡᠭ ᠢᠯᠡᠷᠡᠭᠦᠯᠬᠦ ᠪᠣᠯ ᠪᠢᠳᠡᠨ ᠤ ᠲᠤᠬᠠᠶᠢᠯᠠᠭᠰᠠᠨ ᠠᠵᠢᠯ ᠶᠤᠮ᠃ ᠬᠡᠷᠡᠭ ᠢ ᠲᠠᠩᠨᠠᠨ ᠢᠯᠡᠷᠡᠭᠦᠯᠬᠦ ᠳᠤ ᠲᠦᠳᠡ ᠵᠠᠮ ᠦᠭᠡᠢ᠂ ᠬᠠᠮᠤᠭ ᠣᠬᠤᠷ ᠴᠠᠭ᠂ ᠬᠠᠮᠤᠭ ᠪᠠᠭ᠎ᠠ ᠴᠠᠭᠳᠠᠭᠠᠨ ᠤ ᠬᠦᠴᠦᠨ ᠢ ᠬᠡᠷᠡᠭᠯᠡᠵᠦ ᠬᠡᠷᠡᠭ ᠤᠨ ᠪᠠᠶᠢᠳᠠᠯ᠂ ᠲᠤᠬᠠᠶ ᠶᠢᠨ ᠲᠠᠯᠠᠪᠤᠷ ᠢ ᠨᠡᠪᠲᠡ ᠣᠶᠢᠯᠠᠭᠠᠬᠤ ᠬᠡᠷᠡᠭᠲᠡᠶ᠃ ᠡᠨᠡ ᠠᠵᠢᠯ ᠢ ᠰᠣᠩᠭᠤᠪᠠᠯ᠂ ᠠᠵᠢᠯ ᠪᠦᠬᠦᠨ ᠢᠶᠠᠨ ᠰᠠᠶᠢᠳᠦᠷ ᠭᠦᠢᠴᠡᠳᠭᠡᠨ᠂ ᠡᠨᠡ ᠪᠡᠶ᠎ᠡ ᠴᠠᠭᠳᠠᠭᠠᠨ ᠤ ᠬᠤᠪᠴᠠᠰᠤ ᠪᠠᠨ ᠨᠠᠨᠳᠢᠩᠨᠠᠵᠤ᠂ ᠡᠨᠡ ᠬᠦ ᠠᠵᠢᠯ ᠪᠢᠳᠡᠨ ᠳᠤ ᠠᠪᠴᠢᠷᠠᠭᠰᠠᠨ ᠢᠷᠠᠭᠤ ᠠᠯᠳᠠᠷ ᠢᠶᠠᠨ ᠨᠠᠨᠳᠢᠩᠨᠠᠬᠤ ᠬᠡᠷᠡᠭᠲᠡᠶ︾ ᠭᠡᠵᠦ ᠬᠡᠯᠡᠪᠡ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ