110 ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠴᠤ ᠴᠠᠭᠳᠠᠭ᠎ᠠ ᠲᠣᠮᠢᠯᠠᠬᠤ ᠲᠠᠪᠴᠠᠩ ᠰᠢᠨ᠎ᠡ ᠠᠶᠠᠨ ᠵᠠᠮ ᠳᠤ ᠠᠮᠤᠷ ᠲᠦᠪᠰᠢᠨ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/1/31
    1 ᠳ᠋ᠦ᠋ᠭᠡᠷ ᠰᠠᠷ᠎ᠠ ᠶᠢᠨ 10 ᠤ ᠡᠳᠦᠷ ᠪᠣᠯ ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ᠂ ᠮᠥᠨ ᠴᠦ ᠪᠦᠬᠦ ᠤᠯᠤᠰ ᠤᠨ 38 ᠳ᠋ᠤᠭᠠᠷ 110 ᠤᠨ ᠤᠬᠠᠭᠤᠯᠭ᠎ᠠ ᠶᠢᠨ ᠡᠳᠦᠷ ᠪᠣᠯᠤᠨ᠎ᠠ᠂ ᠲᠤᠰ ᠡᠳᠦᠷ ᠡᠯ᠎ᠡ ᠵᠦᠢᠯ ᠤᠨ ᠬᠡᠯᠪᠡᠷᠢ ᠪᠠᠷ ︽ᠬᠢᠩᠭᠠᠨ 110︾ ᠤᠨ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110 ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠦᠭᠡ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠭᠤᠣᠯᠯᠠᠨ ᠡᠷᠬᠢᠯᠡᠵᠦ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠬᠠᠮᠵᠢᠨ ᠡᠷᠬᠢᠯᠡᠭᠰᠡᠡ 2024 ᠣᠨ ᠤ︽ᠬᠠᠲᠠᠭᠤᠵᠢᠨ ᠲᠡᠮᠡᠴᠡᠬᠦ 110 ᠨᠢᠭᠡ ᠰᠡᠳᠭᠢᠯ ᠢᠶᠠᠷ ᠠᠷᠠᠳ ᠲᠥᠮᠡᠨ ᠳᠤ ᠦᠢᠯᠡᠴᠢᠯᠡᠨ ᠠᠮᠤᠷ ᠲᠤᠭᠳᠠᠭᠤᠨ ᠢ ᠬᠠᠮᠠᠭᠠᠯᠠᠬᠤ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠢᠩᠭᠠᠨ ᠠᠶᠢᠮᠠᠭ ᠤᠨ ᠸᠠᠨ ᠳ᠋ᠠ ᠠᠭᠤᠳᠠᠮ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃
 1.jpg 
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠥᠷᠭᠡᠨ ᠤᠯᠠᠨ ᠲᠦᠮᠡᠨ ᠳᠤ ᠣᠳᠣᠬᠠᠨ ᠤ ︽ᠪᠦᠬᠦ ᠠᠶᠢᠮᠠᠭ ᠨᠢᠭᠡ ᠲᠠᠪᠴᠠᠩ︾ 110 ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠴᠤ ᠴᠠᠭᠳᠠᠭ᠎ᠠ ᠲᠣᠮᠢᠯᠠᠨ ᠬᠡᠷᠡᠭ ᠰᠢᠢᠳᠪᠦᠷᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠠᠷᠢᠭᠤ ᠮᠡᠳᠡᠭᠦᠯᠵᠦ᠂ ᠤᠯᠠᠨ ᠲᠦᠮᠡᠨ ᠳᠤ ᠣᠳᠣᠬᠠᠨ ᠤ ᠲᠥᠭᠰᠢᠭᠦᠷᠢ ᠮᠡᠳᠡᠭᠦᠯᠦᠯᠳᠡ ᠶᠢ ᠬᠦᠯᠢᠶᠡᠨ ᠠᠪᠴᠤ ᠴᠠᠭᠳᠠᠭ᠎ᠠ ᠲᠣᠮᠢᠯᠠᠭᠰᠠᠨ ᠠᠵᠢᠯ ᠢ ᠰᠢᠭᠤᠳ ᠤᠢᠢᠯᠠᠭᠠᠭᠤᠯᠵᠠᠢ᠃ ᠳᠠᠷᠠᠭ᠎ᠠ ᠨᠢ ᠬᠢᠩᠭᠠᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠲᠣᠭᠯᠠᠭᠴᠢᠳ ᠲᠤᠬᠠᠢ ᠶᠢᠨ ᠲᠠᠯᠠᠪᠠᠢ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠬᠠᠷᠢᠯᠴᠠᠨ ᠦᠢᠯᠡᠳᠦᠯᠴᠡᠬᠦ ᠭᠤᠭᠴᠤᠭ᠎ᠠ ᠲᠤᠬᠢᠷᠠᠭᠤᠯᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠢᠳᠡᠪᠬᠢᠵᠢᠯ ᠢ ᠳᠡᠭᠡᠭᠰᠢᠯᠡᠭᠦᠯᠦᠨ᠂ ᠲᠤᠰ ᠤᠳᠠᠭ᠎ᠠ ᠶᠢᠨ ᠠᠵᠢᠯᠯᠠᠭ᠎ᠠ ᠶᠢ ᠤᠷᠬᠢᠯ ᠳᠤ ᠨᠢ ᠬᠦᠷᠭᠡᠪᠡ᠃
 5.png 
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠠᠷᠠᠳ ᠣᠯᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠦᠨ᠂ ᠣᠯᠠᠨ ᠲᠦᠮᠡᠨ ᠤ ᠲᠠᠶᠢᠪᠤᠩᠲᠤ ᠰᠡᠳᠬᠢᠯᠭᠡ ᠪᠠ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ