ᠨᠢᠳᠦᠨᠦᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠴᠠᠭᠳᠠᠭᠠᠨ ᠤ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠦᠷᠬᠦ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | | ᠲᠣᠰ ᠤᠳᠠᠭᠠᠨ ᠤ ᠴᠠᠭᠳᠠᠭᠠᠨ ᠤ ᠪᠡᠶ᠎ᠡ ᠶᠢᠨ ᠲᠠᠮᠢᠷ ᠤᠨ ᠪᠠᠷᠢᠮᠵᠢᠶ᠎ᠠ ᠳᠤ ᠬᠥᠷᠬᠦ ᠰᠢᠯᠭᠠᠯᠲᠠ ᠶᠢᠨ ᠠᠭᠤᠯᠭ᠎ᠠ ᠳᠤ 4 × 10 ᠮᠧᠲᠷ ᠤᠨ ᠨᠠᠭᠠᠰᠢ ᠴᠠᠭᠠᠰᠢ | ᠭᠦᠶᠦᠬᠦ᠂ 100 ᠮᠧᠲᠷ ᠤᠨ ᠭᠦᠶᠦᠬᠦ᠂ ᠵᠤᠭᠰᠤᠭ᠎ᠠ ᠪᠠᠷ ᠢᠶᠠᠨ ᠬᠤᠯᠠ ᠬᠠᠷᠠᠶᠢᠬᠤ᠂ ᠡᠯᠢᠭᠡᠳᠡᠭᠡ ᠭᠠᠷ ᠲᠤᠯᠤᠯᠲᠠ᠂ ᠲᠠᠩᠭᠠᠶᠢᠬᠤ ᠪᠠ ᠪᠣᠰᠬᠤ ᠵᠡᠷᠭᠡ ᠪᠡᠶ᠎ᠡ ᠶᠢᠨ | ᠴᠢᠳᠠᠪᠤᠷᠢ ᠶᠢᠨ ᠲᠥᠷᠥᠯ ᠢ ᠲᠣᠬᠢᠷᠠᠭᠤᠯᠪᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠢᠳᠡᠪᠬᠢᠲᠡᠶ ᠣᠷᠣᠯᠴᠠᠵᠤ᠂ ᠡᠯ᠎ᠡ ᠵᠦᠢᠯ ᠤᠨ | ᠰᠢᠯᠭᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠡᠶ᠃ | | | | ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠦᠢᠯ ᠤᠨ ᠶᠡᠭᠡ ᠪᠠᠷ | ᠴᠢᠩᠭᠠᠷᠠᠭᠤᠯᠵᠤ᠂ ᠲᠠᠷᠠᠭᠠᠴᠢ ᠶᠢᠨ ᠠᠯᠬᠤᠮ ᠳᠤ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠰᠠᠶᠢᠨ ᠰᠠᠶᠢᠬᠠᠨ | ᠬᠡᠪ ᠪᠣᠯᠪᠠᠰᠤᠷᠠᠯ ᠤᠨ ᠰᠠᠭᠤᠷᠢ ᠶᠢ ᠲᠠᠯᠪᠢᠪᠠ᠃ | | | | |