ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ︽ᠤᠯᠠᠭᠠᠨ ᠬᠦᠭᠡ ᠶᠢᠨ ᠡᠰᠡᠷᠭᠦᠴᠡᠯᠳᠦᠯ︾ ᠤᠨ ᠰᠣᠷᠢᠯᠲᠠ ᠬᠢᠪᠡ
ᠨᠡᠶᠢᠲᠡᠯᠡᠭᠰᠡᠨ ᠴᠠᠭ᠄
2024/1/31
    ︽ᠸᠠᠶ︕ ᠰᠢᠨ ᠰᠢᠩ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ ᠡ᠂ ᠲᠠᠨ ᠤ ᠬᠠᠷᠢᠶ᠎ᠠ ᠣᠷᠣᠨ ᠤ ᠨᠢᠭᠡᠨ ᠲᠡᠷᠭᠡ ᠤᠬᠢᠶᠠᠬᠤ ᠭᠠᠵᠠᠷ ᠲᠤ ᠵᠠᠭᠤᠷᠠᠯᠳᠤᠭᠠᠨ ᠭᠠᠷᠴᠠᠶ᠂ ᠲᠦᠷᠭᠡᠨ ᠰᠢᠢᠳᠪᠦᠷᠢᠯᠡᠭᠳᠦᠨ︾ ᠭᠡᠰᠡᠨ ᠴᠠᠭᠳᠠᠭ᠎ᠠ ᠲᠤᠮᠢᠯᠠᠬᠤ ᠵᠠᠷᠯᠢᠭ ᠪᠠᠭᠤᠯᠭᠠᠬᠤ ᠶᠢ ᠳᠠᠭᠠᠯᠳᠤᠨ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠤᠯ ᠤᠨ ᠪᠠᠶᠢᠳᠠᠯ ᠤᠨ ᠳᠠᠭᠤᠷᠢᠶᠠᠮᠠᠯ ︽ᠤᠯᠠᠭᠠᠨ ᠬᠥᠬᠡ ᠶᠢᠨ ᠡᠰᠡᠷᠭᠦᠴᠡᠯᠳᠦᠯ︾ ᠤᠨ ᠰᠣᠷᠢᠯᠲᠠ ᠬᠥᠰᠢᠭᠡ ᠪᠠᠨ ᠰᠡᠬᠦᠪᠡ᠃
9b1237e880cc5aa009d8d3f41d25e139.JPG  
    ᠲᠤᠰ ᠤᠳᠠᠭ᠎ᠠ ᠶᠢᠨ ︽ᠤᠯᠠᠭᠠᠨ ᠬᠦᠭᠡ ᠶᠢᠨ ᠡᠰᠡᠷᠭᠦᠴᠡᠯᠳᠦᠯ︾ ᠤᠨ ᠰᠣᠷᠢᠯᠲᠠ ᠨᠢ ᠡᠳᠦᠷ ᠲᠤᠳᠤᠮ ᠤᠨ ᠦᠢᠯᠡᠴᠢᠯᠡᠭᠡᠨ ᠪᠠ ᠪᠠᠴᠢᠮ ᠪᠠᠶᠢᠳᠠᠯ ᠢ ᠠᠷᠭᠠᠴᠠᠬᠤ ᠪᠣᠳᠠᠲᠤ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠡᠢ᠃ ᠬᠢᠨᠠᠨ ᠰᠢᠯᠭᠠᠬᠤ ᠠᠴᠠ ᠡᠮᠦᠨ᠎ᠡ᠂ ︽ᠬᠥᠬᠡ ᠴᠡᠷᠢᠭ︾ ᠤᠨ ᠳᠤᠭᠤᠶᠢᠯᠠᠩ ᠤᠨ ᠬᠢᠨ ︽ᠤᠷᠢᠳᠴᠢᠯᠠᠨ ᠮᠡᠳᠡᠭᠳᠡᠬᠦ ᠥᠬᠡᠶ᠂ ᠤᠷᠢᠳᠴᠢᠯᠠᠨ ᠰᠡᠷᠡᠮᠵᠢᠯᠡᠭᠦᠯᠬᠦ ᠥᠬᠡᠶ᠂ ᠦᠨᠡᠨ ᠪᠣᠳᠠᠲᠠᠶ ᠴᠠᠭᠳᠠᠭᠤᠯ ᠤᠨ ᠪᠠᠶᠢᠳᠠᠯ ᠪᠠ ᠬᠠᠤᠯᠢ ᠬᠡᠷᠡᠭᠵᠢᠭᠦᠯᠬᠦ ᠣᠷᠴᠢᠨ ᠨᠥᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠵᠦ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠴᠠᠭᠳᠠᠭᠤᠯ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠰᠢᠯᠭᠠᠨ ᠪᠠᠶᠢᠴᠠᠭᠠᠵᠤ᠂ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠶᠢᠨ ᠦᠨᠡᠨ ᠪᠣᠳᠠᠲᠤ ᠴᠢᠨᠠᠷ᠂ ᠪᠠᠴᠢᠮ ᠴᠢᠨᠠᠷ᠂ ᠡᠰᠡᠷᠭᠦᠴᠡᠯᠳᠦᠬᠦ ᠴᠢᠨᠠᠷ ᠢ ᠦᠨᠡᠨ ᠬᠦ ᠪᠠᠳᠤᠯᠠᠪᠠ᠃ ᠪᠣᠳᠠᠲᠤ ᠴᠡᠷᠢᠭ᠂ ᠪᠣᠳᠠᠲᠤ ᠪᠠᠶᠢᠳᠠᠯ᠂ ᠪᠣᠳᠠᠲᠤ ᠦᠵᠡᠮᠵᠢ ᠪᠠᠷ︽ᠤᠯᠠᠭᠠᠨ ᠴᠡᠷᠢᠭ︾ ᠤᠨ ᠴᠠᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠠ᠃
744ba3f0e14f57a438aa37aa2196eccf.JPG  
    ︽ᠤᠯᠠᠭᠠᠨ ᠬᠥᠬᠡ ᠶᠢᠨ ᠡᠰᠡᠷᠭᠦᠴᠡᠯᠳᠦᠯ︾ ᠢᠶᠠᠷ ᠳᠠᠮᠵᠢᠭᠤᠯᠤᠨ᠂ ︽ᠤᠯᠠᠭᠠᠨ ᠴᠡᠷᠢᠭ︾ ᠪᠠᠶᠢᠯᠳᠤᠬᠤ ᠲᠤᠲᠤᠮ ᠡᠷᠡᠯᠬᠡᠭ ᠪᠣᠯᠵᠤ᠂ ᠴᠠᠭᠳᠠᠭ᠎ᠠ ᠭᠠᠷᠭᠠᠬᠤ ᠳᠤᠭᠤᠶᠢᠯᠠᠩ ᠤᠨ ᠬᠢᠨ ᠳᠠᠷᠤᠶ ᠲᠦᠷᠭᠡᠨ ᠲᠤᠬᠠᠶ ᠶᠢᠨ ᠲᠠᠯᠠᠪᠤᠷ ᠲᠤ ᠬᠦᠷᠴᠦ ᠤᠷᠢᠳ ᠢᠶᠠᠷ ᠰᠢᠢᠳᠪᠦᠷᠢᠯᠡᠵᠦ᠂ ᠪᠠᠶᠢᠯᠳᠤᠭᠠᠨ ᠤ ᠬᠠᠮᠤᠭ ᠤᠨ ᠪᠠᠭ᠎ᠠ ᠨᠢᠭᠡᠴᠢ ᠶᠢ ᠪᠦᠷᠢᠯᠳᠦᠭᠦᠯᠪᠡ᠃ ᠲᠤᠬᠠᠢ ᠶᠢᠨ ᠲᠠᠯᠠᠪᠠᠢ ᠶᠢᠨ ᠵᠢᠯᠤᠭᠤᠳᠤᠭᠴᠢ ᠶᠢᠨ ᠵᠢᠯᠤᠭᠤᠳᠤᠯᠭ᠎ᠠ ᠳᠣᠣᠷ᠎ᠠ᠂ ᠳᠠᠷᠠᠭᠠᠴᠢ ᠶᠢᠨ ᠲᠤᠬᠠᠢ ᠶᠢᠨ ᠲᠠᠯᠠᠪᠠᠢ ᠳᠤ ᠢᠷᠡᠭᠰᠡᠨ ᠲᠤᠰᠠᠯᠠᠬᠤ ᠴᠠᠭᠳᠠᠭ᠎ᠠ ᠶᠢᠨ ᠬᠦᠴᠦᠨ ᠲᠠᠢ ᠠᠵᠢᠯ ᠢᠶᠠᠨ ᠲᠣᠳᠣᠷᠬᠠᠢ ᠬᠤᠪᠢᠶᠠᠷᠢᠯᠠᠨ ᠨᠡᠶᠢᠯᠡᠭᠦᠯᠦᠨ ᠪᠠᠶᠢᠯᠳᠤᠵᠤ᠂ ᠡᠮᠬᠢ ᠵᠢᠷᠤᠮ ᠲᠠᠢ ᠰᠢᠢᠳᠪᠦᠷᠢᠯᠡᠨ᠂ ᠪᠠᠶᠢᠯᠳᠤᠬᠤ ᠠᠷᠭ᠎ᠠ ᠶᠢ ᠵᠣᠬᠢᠰᠲᠠᠢ ᠬᠡᠷᠡᠭᠯᠡᠨ ︽ᠰᠡᠵᠢᠭᠳᠡᠨ︾ ᠢ ᠨᠣᠮᠣᠬᠠᠳᠬᠠᠵᠤ᠂ ᠲᠤᠬᠠᠢ ᠶᠢᠨ ᠲᠠᠯᠠᠪᠠᠢ ᠶᠢᠨ ᠪᠠᠶᠢᠳᠠᠯ ᠢ ᠡᠵᠡᠮᠳᠡᠨ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ᠂ ᠤᠯᠠᠨ ᠲᠦᠮᠡᠨ ᠢ ᠵᠢᠭᠠᠨ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠳᠦᠯᠦᠨ ᠵᠢᠯᠣᠭᠤᠳᠬᠤ ᠵᠡᠷᠭᠡ ᠤᠯᠠᠨ ᠵᠦᠢᠯ ᠤᠨ ᠠᠵᠢᠯ ᠢ ᠵᠡᠷᠭᠡᠪᠡᠷ ᠶᠠᠪᠤᠭᠳᠠᠭᠤᠯᠵᠤ᠂ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃   
ᠢᠷᠡᠯᠲᠡ᠄ ᠪᠤᠭᠤᠲᠣ ᠬᠤᠲᠠ ᠶᠢᠨ ᠲᠣᠳᠤᠭᠠᠲᠤ ᠶᠢ ᠬᠠᠮᠠᠭᠠᠯᠠᠬᠤ ᠲᠣᠪᠴᠢᠶ᠎ᠠ