ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠢ ᠪᠡᠯᠡᠭᠯᠡᠬᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠭᠤᠤᠯ ᠰᠡᠳᠦᠪᠲᠦ ᠦᠵᠡᠭᠦᠯᠦᠯᠭᠡ ᠡᠷᠭᠢᠯᠡᠪᠡ
ᠨᠡᠶᠢᠲᠡᠯᠡᠭᠰᠡᠨ ᠴᠠᠭ᠄
2024/1/7
      1 ᠰᠠᠷ᠎ᠠ ᠶᠢᠨ 6 ᠤ ᠡᠳᠦᠷ᠂ ᠬᠥᠯᠥᠨ ᠪᠤᠶᠢᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠳᠣᠲᠣᠭᠠᠳᠤ ᠶᠢ ᠬᠠᠮᠠᠭᠠᠯᠠᠭᠴᠢ ᠨᠠᠮ ᠤᠨ ᠢᠶᠠᠨ  ᠲᠠᠭᠠᠨ ᠰᠢᠨ᠎ᠡ ᠠᠶᠠᠨ ᠢᠶᠠᠨ ᠬᠠᠮᠠᠭᠠᠯᠠᠶ᠎ᠠ︾ — ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠢ ᠪᠡᠯᠡᠭᠯᠡᠬᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠭᠤᠣᠯ ᠰᠡᠳᠦᠪᠲᠦ ᠶᠢ ᠡᠷᠬᠢᠯᠡᠪᠡ᠃
11.jpg
13.jpg
      ᠦᠵᠡᠭᠦᠯᠦᠯᠭᠡ ᠨᠢ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠬᠤᠯᠠ ᠶᠡᠭᠡ ᠭᠤᠣᠯ ᠰᠡᠳᠦᠪ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠠᠵᠢᠯᠯᠠᠭ᠎ᠠ ᠪᠠᠷ ᠭᠤᠣᠯᠯᠠᠭᠰᠠᠨ ᠪᠦᠲᠦᠭᠡᠯ ᠤᠳ ᠢ ᠳᠡᠯᠭᠡᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ᠂ ᠠᠮᠤᠷ ᠲᠣᠭᠲᠠᠭᠤᠨ ᠢ ᠬᠠᠮᠠᠭᠠᠯᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠠᠵᠢᠯ ᠤᠨ ᠠᠮᠵᠢᠯᠲᠠ ᠪᠦᠲᠦᠮᠵᠢ ᠪᠣᠯᠤᠨ ᠰᠡᠳᠬᠢᠯ ᠬᠥᠳᠡᠯᠭᠡᠮ᠎ᠡ ᠦᠯᠢᠭᠡᠷ ᠢ ᠠᠮᠢᠳᠤᠯᠢᠭ ᠢᠶᠠᠷ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠷᠠᠳ ᠤᠨ ᠲᠥᠯᠥᠭᠡ ᠦᠨᠡᠨᠴᠢ ᠰᠢᠳᠤᠷᠭᠤ ᠪᠠᠷ ᠵᠢᠳᠬᠦᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠲᠦᠷᠢ ᠲᠥᠷᠬᠦ ᠶᠢ ᠪᠦᠲᠦᠭᠡᠭᠰᠡᠨ ᠪᠠᠶᠢᠨ᠎ᠠ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ