ᠣᠶᠢᠷ᠎ᠠ ᠳᠤ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ | ᠬᠠᠷᠢᠶ᠎ᠠ ᠣᠷᠣᠨ ᠤ ᠪᠠᠨ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠲᠡᠨ ᠤ ᠰᠦᠪᠡᠭᠴᠢ ᠶᠢ ᠡᠮᠬᠢᠯᠡᠨ ᠪᠠᠶᠢᠴᠠᠭᠠᠵᠤ ᠪᠠᠶᠢᠬᠤ ᠳᠤ ᠪᠠᠨ | ᠣᠷᠭᠤᠳᠠᠭᠤᠯ ᠬᠡᠷᠡᠭᠳᠡᠨ ᠯᠢᠦ ᠣᠪᠣᠭᠲᠤ᠂ ᠾᠧ ᠣᠪᠣᠭᠲᠤ ᠪᠣᠯᠤᠨ ᠰᠤ᠋ ᠣᠪᠣᠭᠲᠤ ᠭᠤᠷᠪᠠ ᠶᠢᠨ ᠠᠵᠢᠯᠯᠠᠭ᠎ᠠ ᠶᠢᠨ ᠮᠥᠷ ᠢ ᠣᠯᠵᠤ ᠮᠡᠳᠡᠪᠡ᠃ ᠲᠡᠷᠡ ᠳᠠᠷᠤᠶ | ᠤᠯᠠᠮ ᠨᠢᠭᠡ ᠠᠯᠬᠤᠮ ᠵᠠᠳᠠᠯᠤᠨ ᠪᠠᠶᠢᠴᠠᠭᠠᠬᠤ ᠪᠠ ᠪᠠᠶᠢᠴᠠᠭᠠᠨ ᠰᠤᠷᠪᠤᠯᠵᠢᠯᠠᠬᠤ ᠠᠵᠢᠯ ᠢ ᠥᠷᠨᠢᠭᠦᠯᠵᠦ᠂ 3 ᠬᠥᠮᠦᠨ ᠤ ᠨᠢᠭᠤᠨ ᠳᠠᠯᠳᠠᠯᠠᠬᠤ ᠭᠠᠵᠠᠷ ᠢ ᠳᠠᠷᠤᠢ | ᠲᠦᠷᠭᠡᠨ ᠣᠨᠤᠰᠢᠯᠠᠪᠠ᠃ ᠪᠠᠶᠢᠷᠢᠯᠠᠭᠤᠯᠤᠨ ᠭᠡᠲᠡᠬᠦ ᠪᠠᠷ ᠳᠡᠮᠵᠢᠨ᠂ 24 ᠴᠠᠭ ᠤᠨ ᠳᠣᠲᠣᠷ᠎ᠠ 3 ᠬᠥᠮᠦᠨ ᠢ ᠪᠦᠬᠦᠨ ᠢ ᠪᠠᠷᠢᠪᠴᠢᠯᠠᠵᠠᠶ᠃ ᠣᠳᠣᠬᠠᠨ ᠳᠤ᠂ | ᠪᠠᠷᠢᠪᠴᠢᠯᠠᠭᠰᠠᠨ 3 ᠣᠷᠭᠤᠳᠠᠭᠤᠯ ᠬᠡᠷᠡᠭᠲᠡᠨ ᠢ ᠴᠥᠮ ᠬᠤᠯᠪᠣᠭᠳᠠᠯ ᠪᠦᠬᠦᠢ ᠬᠡᠷᠡᠭ ᠰᠢᠢᠳᠪᠦᠷᠢᠯᠡᠬᠦ ᠨᠢᠭᠡᠴᠢ ᠳᠤ ᠰᠢᠯᠵᠢᠭᠦᠯᠦᠨ ᠲᠤᠰᠢᠶᠠᠪᠠ᠃ |