ᠴᠠᠭᠳᠠᠭ᠎ᠠ ᠠᠷᠠᠳ ᠬᠠᠮᠳᠤᠷᠠᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠬᠠᠷᠢᠶᠠᠴᠠᠢ ᠶᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2024/10/17
     7 ᠳ᠋ᠤᠭᠠᠷ ᠰᠠᠷ᠎ᠠ ᠶᠢᠨ 19 ᠤ ᠦᠳᠡ ᠶᠢᠨ ᠡᠮᠦᠨ᠎ᠡ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠳᠣᠭᠤᠷᠢᠨ ᠢᠳᠡᠭᠡᠨ ᠡᠮ ᠤᠨ ᠵᠦᠢᠯ ᠤᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠳᠤ ᠨᠢᠭᠡ ᠬᠦᠮᠦᠨ ᠰᠢᠷᠬᠠᠲᠤᠭᠰᠠᠨ ᠨᠢᠭᠡ ᠲᠡᠭᠳᠡᠭᠡᠬᠡᠢ ᠶᠢ ᠬᠡᠳᠦᠨ ᠬᠡᠦᠬᠡᠳ ᠵᠠᠮ ᠤᠨ ᠬᠠᠵᠠᠭᠤ ᠳᠤ ᠨᠡᠬᠡᠵᠦ ᠨᠠᠭᠠᠳᠴᠤ ᠪᠠᠶᠢᠬᠤ ᠶᠢ ᠣᠯᠵᠤ ᠬᠠᠷᠠᠭᠠᠳ᠂ ᠡᠨᠡ ᠬᠦ ᠰᠢᠪᠠᠭᠤ ᠶᠢᠨ ᠥᠩᠭᠡ ᠲᠥᠷᠰᠦ ᠨᠢ ᠶᠡᠭᠡ ᠣᠨᠴᠠᠭᠠᠢ᠂  ᠪᠠᠷᠤᠭ ᠤᠯᠤᠰ ᠤᠨ ᠬᠠᠮᠠᠭᠠᠯᠠᠯᠲᠠ ᠳᠤ ᠪᠠᠶᠢᠭ᠎ᠠ ᠰᠢᠪᠠᠭᠤ ᠪᠠᠶᠢᠬᠤ ᠮᠠᠭᠠᠳ ᠭᠡᠵᠦ ᠬᠦᠷᠭᠡᠨ ᠢᠷᠡᠭᠡᠳ ᠠᠪᠤᠷᠠᠨ ᠲᠤᠰᠠᠯᠠᠬᠤ  ᠶᠢ ᠭᠤᠶᠤᠴᠢᠯᠠᠪᠠ᠃
微信截图_20240722094548.jpg   
    ᠠᠷᠠᠳ ᠤᠨ ᠴᠠᠭᠳᠠᠭ᠎ᠠ ᠳᠠᠷᠤᠶ ᠲᠦᠷᠭᠡᠨ ᠪᠠᠶᠢᠴᠠᠭᠠᠨ ᠦᠵᠡᠬᠦ ᠳᠤ᠂ ᠬᠠᠷ᠎ᠠ ᠬᠦᠷᠡᠩ ᠥᠩᠭᠡ ᠲᠠᠢ᠂ ᠴᠡᠭᠡᠵᠢᠨ ᠬᠡᠪᠡᠯᠢ ᠶᠢᠨ ᠬᠡᠰᠡᠭ ᠲᠠᠬᠢ ᠴᠠᠭᠠᠨ ᠥᠩᠭᠡ ᠶᠢᠨ ᠨᠠᠷᠢᠨ ᠡᠷᠢᠶᠡᠨ ᠵᠢᠷᠤᠭᠠᠰᠤ ᠨᠢ ᠬᠤᠪᠣᠷ ᠰᠢᠪᠠᠭᠤᠨ ᠤ ᠲᠥᠷᠥᠯ ᠪᠠᠶᠢᠬᠤ ᠶᠢ ᠲᠤᠳᠤ ᠮᠡᠳᠡᠭᠳᠡᠵᠦ᠂ ᠢᠯᠡᠷᠬᠡᠢ ᠭᠠᠳᠠᠷ ᠰᠢᠷᠬ᠎ᠠ ᠣᠯᠤᠭᠰᠠᠨ ᠦᠭᠡᠢ ᠪᠣᠯᠪᠠᠴᠤ ᠲᠡᠭᠦᠨ ᠤ  ᠵᠢᠭᠦᠷᠳᠡᠨ ᠠᠮᠢᠲᠠᠨ ᠤ ᠰᠢᠨᠵᠢ ᠨᠢ ᠶᠡᠭᠡ ᠪᠠᠭᠤᠷᠠᠭᠰᠠᠨ ᠪᠠᠶᠢᠪᠠ᠃    ᠳᠡᠭᠳᠡᠭᠡᠬᠡᠢ ᠶᠢ ᠰᠠᠶᠢᠲᠤᠷ ᠲᠥᠪᠬᠢᠨᠡᠭᠦᠯᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠲᠠᠢ ᠦᠳᠲᠡᠷ ᠲᠦᠷᠭᠡᠨ ᠬᠠᠷᠢᠯᠴᠠᠵᠤ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠮᠣᠷᠢᠨ ᠬᠠᠷᠢᠶᠠᠴᠠᠢ ᠪᠣᠯᠬᠤ ᠶᠢ ᠨᠣᠲᠠᠯᠠᠪᠠ᠃ ᠠᠵᠢᠯᠲᠠᠳ ᠠᠴᠠ ᠲᠡᠭᠳᠡᠭᠡᠬᠡᠢ ᠲᠤᠮᠤ ᠰᠢᠪᠠᠭᠤᠳ ᠠᠴᠠ ᠨᠢᠰᠬᠦ ᠶᠢ ᠰᠤᠷᠤᠯᠴᠠᠬᠤ ᠱᠠᠳᠤᠨ ᠪᠠᠶᠢᠬᠤ ᠶᠢ ᠲᠠᠭᠠᠮᠠᠭᠯᠠᠭᠠᠳ᠂ ᠡᠨᠡ ᠬᠦ ᠶᠠᠪᠤᠴᠠ ᠳᠤ ᠵᠣᠷᠢᠭᠤᠳᠠ ᠭᠠᠷ ᠳᠦᠷᠦᠵᠦ ᠪᠣᠯᠬᠤ ᠥᠬᠡᠶ᠂ ᠲᠡᠳᠡᠨ ᠤ ᠠᠮᠢᠳᠤᠷᠠᠯ ᠤᠨ ᠳᠠᠳᠬᠠᠯ ᠢ ᠨᠥᠯᠥᠭᠡᠯᠡᠵᠦ ᠪᠣᠯᠬᠤ ᠥᠬᠡᠶ ᠭᠡᠵᠦ ᠰᠠᠨᠠᠭᠤᠯᠪᠠ᠃
 微信截图_20240722095245.jpg  
    ᠣᠳᠣᠬᠠᠨ ᠳᠤ ᠮᠤᠷᠢᠨ ᠬᠠᠷᠢᠶᠠᠴᠠᠢ ᠶᠢᠨ ᠲᠡᠭᠳᠡᠭᠡᠬᠡᠢ ᠶᠢ ᠨᠢᠭᠡᠨᠲᠡ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠢᠶᠠᠵᠤ᠂ ᠦᠷᠭᠦᠯᠵᠢᠯᠡᠨ ᠲᠡᠵᠢᠭᠡᠨ ᠠᠷᠠᠴᠢᠯᠠᠵᠤ᠂ ᠨᠢᠰᠬᠦ ᠪᠠᠷᠢᠮᠵᠢᠶ᠎ᠠ ᠳᠤ ᠨᠡᠶᠢᠴᠡᠭᠰᠡᠨ ᠤ ᠳᠠᠷᠠᠭ᠎ᠠ ᠡᠬᠡ ᠪᠠᠶᠢᠭᠠᠯᠢ ᠳᠤ ᠨᠢ ᠪᠣᠴᠠᠭᠠᠬᠤ ᠪᠠᠷ ᠪᠣᠯᠪᠠ᠃ ︵ᠮᠡᠳᠡᠭᠡᠯᠡᠭᠴᠢ᠄ ᠦᠶᠤᠸᠠᠨ ᠰᠢᠶᠠᠨ ᠤ ᠲᠣᠳᠤᠭᠠᠳᠣ ᠶᠢ ᠬᠠᠮᠠᠭᠠᠯᠠᠬᠤ ᠲᠣᠪᠴᠢᠶ᠎ᠠ ᠶᠢᠨ  ᠵᠣᠤ ᠬᠠᠢ ᠶᠠᠨ︶ 
ᠢᠷᠡᠯᠲᠡ᠄ ᠪᠠᠶᠠᠨᠨᠠᠭᠤᠷ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ