9 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠷᠡᠭ ᠲᠤ | ᠬᠤᠯᠪᠣᠭᠳᠠᠭᠰᠠᠨ ᠡᠳ᠋ ᠪᠣᠳᠠᠰ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠥᠷᠨᠢᠭᠦᠯᠵᠦ᠂ ᠡᠯ᠎ᠡ ᠲᠤᠰᠬᠠᠶ ᠠᠵᠢᠯᠯᠠᠭ᠎ᠠ᠂ ᠬᠡᠷᠡᠭ ᠢ ᠳᠡᠩᠨᠡᠨ ᠰᠢᠢᠳᠪᠦᠷᠢᠯᠡᠬᠦ ᠳᠤᠮᠳᠠ | ᠬᠤᠷᠢᠶᠠᠨ ᠠᠪᠤᠭᠰᠠᠨ 5 ᠲᠠᠮᠠᠬᠢᠨ ᠮᠠᠰᠢᠨ᠂ 5 ᠬᠡᠰᠡᠭ ᠨᠠᠪᠴᠢᠨ ᠲᠠᠮᠠᠬᠢᠨ ᠮᠠᠰᠢᠨ ᠤ ᠭᠤᠣᠯ ᠬᠠᠪᠲᠠᠰᠤ᠂ 269 ᠢᠵᠢ ︵38633︶ ᠮᠠᠵᠢᠶᠠᠩ ᠫᠠᠢ᠂ 8 | ᠮᠠᠵᠢᠶᠠᠩ ᠪᠥᠰ ᠪᠣᠯᠣᠨ᠎ᠠ︔ 10 ᠬᠥᠵᠥᠷ ᠵᠡᠷᠭᠡ ᠬᠡᠷᠡᠭ ᠤᠨ ᠡᠳ᠋ ᠪᠣᠳᠠᠰ ᠢ ᠲᠥᠪᠯᠡᠷᠡᠭᠦᠯᠦᠨ ᠢᠯᠡ ᠪᠠᠷ ᠤᠰᠠᠳᠬᠠᠪᠠ᠃ | | | | ᠦᠶᠤᠸᠠᠨ ᠰᠢᠶᠠᠨ ᠤ ᠴᠠᠭᠳᠠᠭᠠᠨ ᠤ ᠲᠠᠯ᠎ᠠ ᠶᠢᠨ ᠬᠢᠨ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠢᠮᠠᠭᠲᠠ ᠴᠢᠩᠭ᠎ᠠ ᠴᠣᠬᠢᠯᠲᠠ | ᠥᠭᠬᠦ ᠪᠠᠶᠢᠳᠠᠯ ᠢ ᠪᠠᠲᠤᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠮᠬᠢ ᠵᠢᠷᠤᠮ ᠲᠠᠢ ᠠᠬᠢᠭᠤᠯᠬᠤ ᠶᠢ ᠪᠠᠷᠢᠮᠲᠠᠯᠠᠭᠰᠠᠭᠠᠷ ᠢᠷᠡᠵᠠᠢ᠃ | ᠢᠯᠠᠩᠭᠤᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ | ᠴᠠᠭᠳᠠᠭᠠᠨ ᠤ ᠲᠠᠯ᠎ᠠ ᠶᠢᠨ ᠬᠢᠨ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠭᠰᠡᠨ ᠬᠥᠮᠦᠰ ᠢ ᠵᠠᠯᠬᠠᠭᠠᠨ ᠰᠢᠢᠳᠬᠡᠵᠦ᠂ ᠬᠡᠷᠡᠭ ᠲᠤ | ᠬᠤᠯᠪᠣᠭᠳᠠᠭᠰᠠᠨ ᠨᠢᠭᠡ ᠪᠦᠯᠦᠭ ᠪᠣᠳᠠᠰ ᠢ ᠬᠤᠷᠢᠶᠠᠨ ᠠᠪᠴᠤ᠂ ᠢᠯᠡᠳᠲᠡ ᠦᠷ᠎ᠡ ᠪᠦᠳᠦᠮᠵᠢ ᠣᠯᠪᠠ᠃ | | | | ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠪᠠᠷ ᠳᠠᠮᠵᠢᠭᠤᠯᠤᠨ᠂ ᠢᠳᠡᠪᠬᠢᠲᠡᠶ ᠪᠠᠷ ᠤᠬᠠᠭᠤᠯᠬᠤ ᠪᠠ | ᠰᠦᠷᠳᠡᠭᠦᠯᠬᠦ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠥᠬᠡᠶ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠲᠤ ᠬᠦᠴᠦᠲᠡᠶ ᠴᠣᠬᠢᠯᠲᠠ ᠥᠭᠭᠦᠭᠰᠡᠨ ᠪᠥᠭᠡᠳ | ᠨᠠᠩ ᠴᠤ ᠦᠶᠤᠸᠠᠨ ᠰᠢᠠᠶ᠋ᠨ ᠤ ᠴᠠᠭᠳᠠᠭᠠᠨ ᠤ ᠲᠠᠯ᠎ᠠ ᠶᠢᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠨᠡᠶᠢᠭᠡᠮ ᠤᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠰᠢᠶᠠᠨ ᠤ ᠬᠡᠪᠴᠢᠶᠡᠨ ᠤ ᠠᠮᠤᠷ ᠲᠦᠪᠰᠢᠨ ᠲᠣᠭᠲᠠᠭᠤᠨ ᠤ ᠡᠭᠦᠷᠭᠡᠯᠡᠯ ᠪᠠ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠤᠨ ᠤ ᠤᠯᠠᠷᠢᠯ ᠤᠨ ᠠᠮᠤᠷ ᠢ | ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠤᠭᠰᠠᠨ ᠦᠷ᠎ᠡ ᠳ᠋ᠦᠩ ᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠢᠲᠡᠭᠡᠯ ᠵᠣᠷᠢᠭ ᠢ ᠭᠦᠢᠴᠡᠳ ᠢᠯᠡᠷᠡᠭᠦᠯᠪᠡ᠃ ᠡᠭᠦᠨ ᠤ ᠬᠠᠮᠲᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠣᠷᠣᠨ ᠵᠠᠢ ᠶᠢ ᠰᠢᠬᠠᠨ ᠳᠠᠷᠤᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠠᠵᠢᠯᠯᠠᠭ᠎ᠠ ᠶᠢ ᠰᠦᠷᠳᠡᠭᠦᠯᠵᠦ᠂ | ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠬᠡᠪ ᠰᠤᠷᠲᠠᠯ ᠢ ᠴᠡᠪᠡᠷᠰᠢᠭᠦᠯᠪᠡ᠃ ︵ᠮᠡᠳᠡᠭᠡᠯᠡᠭᠴᠢ᠄ ᠦᠶᠤᠸᠠᠨ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠫᠸᠢ ᠶᠠᠨ ᠫᠧᠩ︶ | |