9 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤᠨ ᠤ ᠯᠥᠸᠧ ᠲᠥᠸᠧ ᠱᠠᠨ ᠪᠠᠯᠭᠠᠰᠤ ᠨᠢ ᠰᠢᠷᠦᠭᠦᠨ ᠪᠣᠷᠣᠭᠠᠨ ᠤ ᠳᠠᠭᠠᠷᠢᠯᠲᠠ ᠳᠤ ᠤᠴᠠᠷᠠᠵᠤ᠂ | ᠬᠤᠷ᠎ᠠ ᠪᠣᠷᠤᠭ᠎ᠠ ᠨᠢ 8 ᠴᠠᠭ ᠦᠷᠭᠦᠯᠵᠢᠯᠡᠵᠦ᠂ ᠬᠤᠷ᠎ᠠ ᠲᠣᠨᠣᠳᠠᠰᠤ ᠶᠢᠨ ᠬᠡᠮᠵᠢᠶ᠎ᠡ 50 ᠮᠢᠯᠢᠮᠧᠲᠷ ᠠᠴᠠ ᠳᠡᠭᠡᠭᠰᠢ ᠳᠤ ᠬᠦᠷᠴᠡᠢ᠂ ᠯᠥᠸᠧ ᠲᠥᠸᠧ ᠱᠠᠨ | ᠪᠠᠯᠭᠠᠰᠤᠨ ᠤ ᠲᠣᠮᠢᠯᠠᠭᠰᠠᠨ ᠰᠠᠯᠪᠤᠷᠢ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠪᠦᠬᠦ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠲᠤᠬᠢᠷᠠᠭᠤᠯᠤᠨ ᠲᠣᠭᠤᠷᠢᠨ | ᠴᠠᠭᠳᠠᠵᠤ᠂ ᠬᠠᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ᠂ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠨ ᠪᠠᠶᠢᠴᠠᠭᠠᠬᠤ ᠠᠵᠢᠯ ᠢ ᠪᠦᠬᠦ | ᠬᠦᠴᠦᠨ ᠢᠶᠠᠷ ᠢᠶᠠᠨ ᠥᠷᠨᠢᠭᠦᠯᠪᠡ᠃ | ᠲᠤᠬᠠᠶ ᠶᠢᠨ ᠡᠳᠦᠷ ᠤᠨ 7 ᠴᠠᠭ ᠲᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠭᠤᠷᠢᠨ ᠴᠠᠭᠳᠠᠬᠤ ᠳᠤᠮᠳᠠ 304 ᠮᠤᠵᠢ ᠶᠢᠨ ᠵᠠᠮ ᠤᠨ | ᠯᠥᠸᠧ ᠲᠥᠸᠧ ᠱᠠᠨ ᠪᠠᠯᠭᠠᠰᠤᠨ ᠠᠴᠠ ᠡᠷᠳᠡᠮᠲᠦ ᠲᠣᠰᠬᠤᠨ ᠳᠤ ᠬᠦᠷᠬᠦ ᠵᠠᠮ ᠤᠨ ᠠᠭᠤᠯᠵᠠᠷ ᠲᠤ ᠦᠶᠡᠷ ᠤᠨ ᠤᠰᠤ ᠰᠢᠷᠦᠭᠦᠨ ᠤᠷᠤᠰᠴᠤ᠂ ᠨᠢᠭᠡᠨ ᠲᠡᠷᠭᠡ | ᠦᠶᠡᠷ ᠤᠨ ᠤᠰᠤᠨ ᠳᠤ ᠬᠠᠰᠢᠭᠳᠠᠭᠰᠠᠨ ᠢ ᠣᠯᠵᠤ ᠮᠡᠳᠡᠵᠡᠢ᠂ ᠲᠡᠷᠭᠡᠨ ᠳᠣᠲᠣᠷ᠎ᠠ ᠬᠠᠰᠢᠭᠳᠠᠭᠰᠠᠨ ᠬᠦᠮᠦᠨ ᠪᠠᠴᠢᠮᠳᠠᠨ ᠰᠠᠨᠳᠤᠷᠴᠤ᠂ ᠪᠠᠶᠢᠳᠠᠯ ᠲᠦᠢᠯ ᠤᠨ | ᠲᠦᠭᠰᠢᠭᠦᠷᠢᠲᠡᠶ ᠪᠠᠶᠢᠪᠠ᠃ | ᠠᠷᠠᠳ ᠤᠨ ᠴᠠᠭᠳᠠᠭ᠎ᠠ ᠳᠠᠷᠦ᠋ᠢᠬᠠᠨ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠭᠦᠯᠵᠦ᠂ ︽ᠲᠠ ᠪᠢᠲᠡᠭᠡᠶ ᠰᠠᠨᠳᠤᠷ᠂ ᠪᠢᠳᠡ ᠳᠠᠷᠦ᠋ᠢᠬᠠᠨ ᠪᠦᠳᠦᠭᠦᠨ ᠲᠡᠷᠭᠡ | ᠡᠷᠢᠭᠡᠳ ᠢᠷᠡᠶ᠎ᠡ︾ ᠬᠡᠮᠡᠨ ᠨᠢᠭᠡ ᠲᠠᠯ᠎ᠠ ᠪᠠᠷ ᠬᠠᠰᠢᠭᠳᠠᠭᠰᠠᠨ ᠬᠦᠮᠦᠨ ᠢ ᠲᠠᠶᠢᠳᠬᠤᠷᠠᠭᠤᠯᠵᠤ᠂ ᠨᠥᠭᠦᠭᠡ ᠲᠠᠯ᠎ᠠ ᠪᠠᠷ ᠰᠠᠯᠪᠤᠷᠢ ᠳᠤ ᠪᠠᠨ ᠤᠲᠠᠰᠤ ᠠᠪᠴᠤ | ᠮᠡᠳᠡᠭᠦᠯᠦᠭᠰᠡᠨ ᠪᠦᠭᠡᠳ ᠲᠤᠰᠠᠯᠠᠮᠵᠢ ᠭᠤᠶᠤᠴᠢᠯᠠᠪᠠ᠃ | ᠵᠠᠮ ᠳᠡᠭᠡᠷ᠎ᠡ ᠬᠤᠷᠠᠭᠰᠠᠨ ᠤᠰᠤ ᠠᠷᠢᠯᠤᠭᠠᠲᠤᠢ᠂ ᠲᠣᠬᠠᠢ ᠶᠢᠨ ᠲᠠᠯᠠᠪᠤᠷ ᠤᠨ ᠭᠠᠵᠠᠷ ᠤᠨ ᠪᠠᠶᠢᠴᠠ ᠪᠤᠳᠤᠯᠢᠶᠠᠨᠲᠠᠢ ᠪᠣᠯᠬᠤᠷ ᠡᠩ ᠤᠨ ᠠᠪᠤᠷᠠᠯᠳᠠ ᠶᠢᠨ | ᠲᠡᠷᠭᠡ ᠣᠶᠢᠷᠠᠲᠤᠵᠤ ᠳᠡᠶᠢᠯᠬᠦ ᠦᠭᠡᠶ᠂ ᠲᠣᠮᠢᠯᠠᠭᠰᠠᠨ ᠰᠠᠯᠪᠤᠷᠢ ᠪᠠᠯᠭᠠᠰᠤᠨ ᠤ ᠵᠠᠰᠠᠭ ᠤᠨ ᠣᠷᠳᠣᠨ ᠲᠠᠢ ᠢᠳᠡᠪᠬᠢᠲᠡᠶ ᠬᠠᠷᠢᠯᠴᠠᠵᠤ᠂ ᠨᠢᠭᠡ ᠤᠳᠬᠤᠭᠤᠷ ᠲᠡᠷᠭᠡ | ᠲᠣᠬᠢᠷᠠᠭᠤᠯᠵᠤ᠂ ᠠᠷᠠᠳ ᠤᠨ ᠴᠠᠭᠳᠠᠭ᠎ᠠ ᠤᠳᠬᠤᠭᠤᠷ ᠲᠡᠷᠭᠡᠨ ᠤ ᠵᠢᠯᠣᠭᠤᠴᠢ ᠲᠠᠢ ᠬᠠᠮᠵᠢᠯᠴᠠᠨ ᠬᠠᠰᠢᠭᠳᠠᠭᠰᠠᠨ ᠬᠦᠮᠦᠨ ᠢ ᠠᠪᠤᠷᠠᠨ ᠭᠠᠷᠭᠠᠪᠠ᠃ | ᠲᠤᠬᠠᠶ ᠶᠢᠨ ᠡᠳᠦᠷ ᠤᠨ ᠦᠳᠡ ᠶᠢᠨ ᠡᠮᠦᠨ᠎ᠡ᠂ ᠯᠥᠸᠧ ᠲᠥᠸᠧ ᠱᠠᠨ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ 5 ᠬᠥᠮᠦᠨ᠂ 3 ᠮᠠᠰᠢᠨ ᠲᠡᠷᠭᠡ ᠶᠢ | ᠠᠪᠤᠷᠠᠨ ᠲᠤᠰᠠᠯᠠᠵᠤ᠂ 20 ᠭᠠᠷᠤᠶ ᠬᠦᠮᠦᠨ ᠢ ᠬᠠᠪᠰᠤᠷᠤᠨ᠂ ᠠᠷᠠᠳ ᠣᠯᠠᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠶᠢ ᠪᠠᠲᠤᠯᠠᠪᠠ᠃ |