︽ᠵᠣᠨ ᠤ ᠤᠯᠠᠷᠢᠯ ᠤᠨ ᠲᠤᠰᠬᠠᠢ ᠠᠵᠢᠯᠯᠠᠭ᠎ᠠ︾ ᠡᠬᠢᠯᠡᠭᠰᠡᠨ ᠠᠴᠠ ᠠᠪᠤᠭᠠᠳ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠨᠢ | ᠠᠷᠠᠳ ᠤᠨ ᠠᠮᠢᠳᠤᠷᠠᠯ ᠳᠤ ᠰᠢᠭᠤᠳ ᠬᠤᠯᠪᠣᠭᠳᠠᠭᠰᠠᠨ ᠡᠳ᠋ ᠬᠦᠷᠤᠩᠭᠡ ᠳᠤ ᠬᠠᠯᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠭᠦ ᠶᠢ ᠦᠷᠬᠦᠯᠵᠢᠯᠡᠨ ᠪᠠᠷᠢᠮᠳᠠᠯᠠᠵᠦ᠂ 7 ᠳ᠋ᠤᠭᠠᠷ ᠰᠠᠷ᠎ᠠ ᠶᠢᠨ 29 ᠤ ᠡᠳᠤᠷ᠂ ᠨᠢᠭᠡᠨ ᠦᠨᠳᠦᠰᠤᠳᠡᠨ ᠤ ᠭᠠᠷ ᠤᠷᠠᠯᠠᠯ ᠤᠨ ᠪᠦᠳᠦᠭᠡᠭᠳᠡᠭᠦᠨ ᠤ ᠲᠡᠯᠭᠡᠬᠦᠷ ᠤᠨ | ᠡᠳ᠋ ᠪᠣᠳᠠᠰ ᠬᠤᠯᠠᠭᠠᠶᠢᠯᠠᠭᠳᠠᠭᠰᠠᠨ ᠬᠡᠷᠡᠭ ᠢ ᠠᠮᠵᠢᠯᠳᠠ ᠲᠠᠢ ᠪᠠᠶᠢᠴᠠᠭᠠᠨ ᠢᠯᠡᠷᠡᠭᠦᠯᠵᠦ᠂ ᠨᠢᠭᠡ ᠬᠡᠷᠡᠭ ᠤᠨ ᠰᠡᠵᠢᠭᠳᠡᠨ ᠢ ᠪᠠᠷᠢᠪᠴᠢᠯᠠᠪᠠ᠃ | ᠥᠢᠷ᠎ᠠ ᠶᠢᠨ ᠡᠳᠤᠷ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠶᠠᠩ | ᠤᠪᠤᠭᠳᠤ ᠶᠢᠨ ︽ᠡᠵᠡᠩᠨᠡᠵᠦ ᠪᠠᠶᠢᠭ᠎ᠠ ᠦᠨᠳᠦᠰᠤᠳᠡᠨ ᠤ ᠭᠠᠷ ᠤᠷᠠᠯᠠᠯ ᠤᠨ ᠪᠦᠳᠦᠭᠡᠭᠳᠡᠭᠦᠨ ᠤ ᠲᠡᠯᠭᠡᠬᠦᠷ ᠲᠤ ᠨᠢ ᠬᠤᠯᠠᠭᠠᠶᠢᠴᠢ ᠤᠷᠤᠵᠦ᠂ ᠬᠤᠯᠠᠭᠠᠶᠢᠯᠠᠭᠳᠠᠭᠰᠠᠨ | ᠡᠳ᠋ ᠪᠣᠳᠠᠰ ᠤᠨ ᠶᠡᠷᠦᠩᠬᠡᠢ ᠥᠷᠳᠡᠭ ᠨᠢ 100 ᠭᠠᠷᠤᠢ ᠲᠦᠮᠡᠨ ᠲᠦᠬᠦᠷᠢᠭ ᠲᠤ ᠬᠦᠷᠴᠠᠢ︾ ᠭᠡᠬᠦ ᠬᠡᠷᠡᠭ ᠤᠨ ᠮᠡᠳᠡᠬᠦᠯᠦᠯᠳᠡ ᠶᠢ ᠲᠣᠰᠴᠠᠢ᠃ ᠬᠡᠷᠡᠭ ᠤᠨ | ᠮᠡᠳᠡᠬᠦᠯᠦᠯᠳᠡ ᠶᠢ ᠲᠣᠰᠣᠭᠰᠠᠨ ᠤ ᠲᠠᠷᠠᠭ᠎ᠠ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠬᠢᠨ ᠲᠤᠬᠠᠢ ᠶᠢᠨ ᠲᠠᠯᠠᠪᠠᠢ ᠳᠤ ᠬᠦᠷᠴᠦ ᠲᠠᠩᠨᠠᠨ | ᠪᠠᠶᠢᠴᠠᠭᠠᠬᠤ ᠠᠵᠢᠯᠯᠠᠭ᠎ᠠ ᠪᠠᠨ ᠦᠷᠨᠢᠬᠦᠯᠪᠡ᠃ ᠲᠤᠬᠠᠢ ᠶᠢᠨ ᠲᠠᠯᠠᠪᠠᠢ ᠳᠤ᠂ ᠰᠡᠵᠢᠭᠳᠡᠨ ᠤ ᠦᠯᠡᠳᠡᠭᠡᠭᠰᠡᠨ ᠬᠤᠷᠤᠭᠤᠨ ᠤᠷᠤᠮ ᠢ ᠭᠠᠷᠭᠠᠨ ᠠᠪᠬᠤ ᠪᠠᠷ ᠲᠠᠮᠵᠢᠭᠤᠯᠤᠨ᠂ | ᠬᠡᠷᠡᠭ ᠤᠨ ᠰᠡᠵᠢᠭᠳᠡᠨ ᠵᠠᠩ ᠤᠪᠤᠭᠳᠤ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠦᠳᠳᠡᠷ ᠲᠦᠷᠭᠡᠨ ᠲᠤᠭᠳᠠᠭᠠᠬᠤ ᠶᠢᠨ ᠬᠠᠮᠳᠤ᠂ ᠰᠡᠵᠢᠭᠳᠡᠨ ᠤ ᠰᠠᠭᠤᠭ᠎ᠠ | ᠭᠠᠵᠠᠷ ᠤᠨ ᠬᠠᠷᠢᠶᠠᠯᠠᠭᠳᠠᠬᠤ ᠲᠣᠮᠢᠯᠠᠭᠰᠠᠨ ᠰᠠᠯᠪᠤᠷᠢ ᠵᠢᠴᠢ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠶᠢᠨ ᠴᠠᠭᠳᠠᠭ᠎ᠠ ᠨᠠᠷ ᠲᠠᠢ ᠬᠤᠯᠪᠣᠭᠠᠯᠠᠨ | ᠬᠥᠳᠡᠯᠦᠯᠴᠡᠵᠦ᠂ ᠴᠠᠭᠳᠠᠭᠠᠨ ᠤ ᠶᠠᠪᠤᠳᠠᠯ ᠤᠨ ᠰᠢᠨ᠎ᠡ ᠵᠠᠭᠪᠤᠷ ᠲᠤ ᠲᠦᠰᠢᠭᠯᠡᠨ᠂ ᠬᠡᠷᠡᠭ ᠤᠨ ᠰᠡᠵᠢᠭᠳᠡᠨ ᠢ ᠪᠠᠷᠢᠪᠴᠢᠯᠠᠬᠤ ᠠᠵᠢᠯᠯᠠᠭ᠎ᠠ ᠦᠷᠨᠢᠬᠦᠯᠪᠡ᠃ | ᠠᠷᠠᠳ ᠤᠨ ᠴᠠᠭᠳᠠᠭ᠎ᠠ ᠨᠠᠷ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠬᠡᠷᠡᠭ ᠤᠨ ᠰᠡᠵᠢᠭᠳᠡᠨ ᠵᠠᠩ ᠤᠪᠤᠭᠳᠤ ᠶᠢ ᠠᠮᠵᠢᠯᠳᠠ ᠲᠠᠢ ᠪᠠᠷ | ᠪᠠᠷᠢᠪᠴᠢᠯᠠᠵᠠᠢ᠃ ᠰᠢᠬᠦᠨ ᠠᠰᠠᠭᠤᠬᠤ ᠪᠠᠷ ᠲᠠᠮᠵᠢᠨ᠂ ᠵᠠᠩ ᠤᠪᠤᠭᠳᠤ ᠪᠤᠰᠤᠳ ᠤᠨ ᠲᠡᠯᠭᠡᠬᠦᠷ ᠤᠨ ᠡᠳ᠋ ᠪᠣᠳᠠᠰ ᠢ ᠬᠤᠯᠠᠭᠠᠶᠢᠯᠠᠭᠰᠠᠨ ᠬᠡᠷᠡᠭ ᠢᠶᠠᠨ ᠥᠴᠢᠭᠯᠡᠨ | ᠮᠡᠳᠡᠷᠡᠵᠠᠢ᠃ | ᠣᠳᠣᠬᠠᠨ ᠳᠤ᠂ ᠬᠡᠷᠡᠭ ᠤᠨ ᠰᠡᠵᠢᠭᠳᠡᠨ ᠵᠠᠩ ᠤᠪᠤᠭᠳᠤ ︵ᠡᠷᠡᠭᠲᠡᠢ᠂ 40 ᠨᠠᠰᠤᠳᠠᠢ︶ ᠶᠢ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ | ᠲᠣᠪᠴᠢᠶ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠲᠣᠰ ᠬᠡᠷᠡᠭ ᠢ ᠤᠯᠠᠮ ᠨᠢᠭᠡ ᠠᠯᠬᠤᠮ ᠪᠠᠶᠢᠴᠠᠭᠠᠨ | ᠰᠢᠢᠳᠪᠦᠷᠢᠯᠡᠵᠦ ᠪᠠᠶᠢᠨ᠎ᠠ᠃ ︵ ᠰᠢᠯᠢ ᠶᠢᠨ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶᠠᠨ ᠤ ᠣᠶᠤᠨᠴᠢᠮᠡᠭ ᠮᠡᠳᠡᠭᠡᠯᠡᠪᠡ ︶ |