ᠰᠦᠯᠵᠢᠶᠡᠨ ᠠᠮᠤᠷ ᠲᠦᠪᠰᠢᠨ ᠤ ᠤᠬᠠᠭᠤᠯᠭ᠎ᠠ ᠶᠢ ᠮᠠᠯᠵᠢᠬᠤ ᠣᠷᠣᠨ ᠳᠤ ᠭᠦᠨᠵᠡᠭᠡᠶᠢᠷᠡᠭᠦᠯᠦᠨ ᠰᠦᠯᠵᠢᠶᠡᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠴᠤᠭᠴᠠᠯᠠᠪᠠ
ᠨᠡᠶᠢᠲᠡᠯᠡᠭᠰᠡᠨ ᠴᠠᠭ᠄
2024/10/17
     9 ᠳ᠋ᠦ᠋ᠭᠡᠷ ᠰᠠᠷ᠎ᠠ ᠶᠢᠨ 11 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ︽ᠰᠦᠯᠵᠢᠶᠡᠨ ᠤ ᠠᠮᠤᠷ ᠲᠦᠪᠰᠢᠨ ᠢ ᠮᠠᠯᠵᠢᠬᠤ ᠣᠷᠣᠨ ᠳᠤ ᠭᠦᠨᠵᠡᠭᠡᠶᠢᠷᠡᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
640 (1).jpg   
    ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠨᠢᠭᠤᠷᠳᠠᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ᠂ ᠭᠤᠣᠯᠳᠠᠭᠤ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠰᠦᠯᠵᠢᠶᠡᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠦᠯᠵᠢᠶᠡᠨ ᠤ ᠴᠤᠤᠷᠬᠠᠯ ᠤᠨ ᠬᠤᠣᠷ ᠬᠥᠨᠥᠭᠡᠯ ᠢ ᠥᠷᠭᠡᠨ ᠢᠶᠠᠷ ᠳᠠᠮᠵᠢᠭᠤᠯᠪᠠ᠃ ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠨᠠᠷ ᠰᠦᠯᠵᠢᠶᠡᠨ ᠳᠡᠭᠡᠷᠡᠬᠢ ᠴᠤᠤᠷᠬᠠᠯ ᠢ ᠬᠡᠷᠬᠢᠨ ᠢᠯᠭᠠᠨ ᠲᠠᠨᠢᠬᠤ ᠲᠤᠬᠠᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠬᠤ ᠶᠢᠨ ᠬᠠᠮᠲᠤ ᠣᠯᠠᠨ ᠲᠦᠮᠡᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠦᠯᠵᠢᠶᠡᠨ ᠤ ᠲᠤᠬᠠᠢ ᠶᠣᠰᠣ ᠮᠣᠷᠠᠯ ᠤᠨ ᠤᠬᠠᠮᠰᠠᠷ ᠢᠶᠠᠨ ᠴᠢᠩᠭᠠᠳᠬᠠᠨ᠂ ᠰᠦᠯᠵᠢᠶᠡᠨ ᠤ ᠪᠣᠯᠬᠢ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠡᠷᠡᠭᠦᠯ ᠪᠥᠭᠡᠳ ᠡᠮᠬᠢ ᠵᠢᠷᠤᠮ ᠲᠠᠢ᠂ ᠪᠣᠯᠪᠠᠰᠤᠨ ᠪᠥᠭᠡᠳ ᠡᠶ᠎ᠡ ᠵᠣᠬᠢᠴᠠᠯ ᠲᠠᠢ ᠰᠦᠯᠵᠢᠶᠡᠨ ᠠᠮᠢ ᠠᠬᠤᠢ ᠶᠢᠨ ᠣᠷᠴᠢᠨ ᠨᠥᠬᠦᠴᠡᠯ ᠢ ᠬᠠᠮᠲᠤ ᠪᠠᠷ ᠪᠣᠢ ᠪᠣᠯᠭᠠᠵᠤ᠂ ᠲᠥᠪ ᠴᠢᠬᠡᠴᠢ ᠬᠡᠪ ᠰᠤᠷᠲᠠᠯ ᠪᠦᠬᠦᠢ ᠰᠦᠯᠵᠢᠶᠡᠨ ᠤ ᠣᠷᠣᠨ ᠵᠠᠢ ᠶᠢ ᠪᠣᠢ ᠪᠣᠯᠭᠠᠬᠤ ᠲᠤᠬᠠᠢ ᠰᠠᠨᠠᠭᠤᠯᠪᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠳᠤᠪᠴᠢᠶ᠎ᠠ