ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾ ᠢᠯᠡᠳᠳᠡ ᠠᠮᠵᠢᠯᠳᠠ ᠤᠯᠪᠠ
ᠨᠡᠶᠢᠲᠡᠯᠡᠭᠰᠡᠨ ᠴᠠᠭ᠄
2024/10/17
    ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠬᠤᠳᠠ  ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠰᠢ ᠶᠢᠨ ᠫᠢᠩ ᠶᠡᠷᠤᠩᠭᠡᠢ ᠱᠦᠵᠢ ᠶᠢᠨ ᠲᠤᠳᠤᠭᠠᠳᠤ ᠶᠢ ᠬᠠᠮᠠᠭᠠᠯᠠᠬᠤ ᠠᠵᠢᠯ ᠳᠤ ᠲᠠᠯᠪᠢᠭᠰᠠᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ ᠪᠠᠷ᠂ ᠲᠡᠭᠡᠳᠤ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾  ᠪᠠᠷ ᠠᠵᠢᠯ ᠤᠨ ᠦᠷ᠎ᠡ ᠪᠦᠳᠦᠮᠵᠢ ᠶᠢ ᠰᠢᠯᠭᠠᠬᠤ ᠪᠤᠳᠠᠳᠤ ᠠᠷᠭ᠎ᠠ ᠬᠡᠮᠵᠢᠶ᠎ᠠ ᠪᠣᠯᠭᠠᠪᠠ᠃     ᠨᠢᠭᠡ ᠳᠤ ᠦᠨᠳᠦᠷ ᠪᠠᠶᠢᠷᠢᠨ ᠳᠤ ᠪᠠᠶᠢᠷᠢᠯᠠᠭᠤᠯᠤᠨ ᠠᠬᠢᠭᠤᠯᠪᠠ᠃ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠭᠤᠤᠯ ᠬᠠᠷᠢᠭᠤᠴᠠᠯᠭᠠᠳᠠᠨ ᠨᠦᠬᠦᠳ ᠠᠴᠠ ᠴᠠᠭ ᠲᠤᠬᠠᠢ ᠳᠤ ᠨᠢ ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾ ᠶᠢᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠲᠤᠰᠬᠠᠢ ᠠᠩᠭᠢ ᠵᠤᠬᠢᠶᠠᠨ ᠪᠠᠶᠢᠭᠤᠯᠵᠦ᠂ ᠪᠦᠬᠦᠯᠢ ᠴᠤᠭᠴᠠ ᠪᠠᠷ ᠠᠵᠢᠯᠯᠠᠭᠤᠯᠵᠦ᠂ ᠨᠢᠭᠡ ᠴᠤᠭᠴᠠᠵᠢᠭᠤᠯᠤᠨ ᠠᠬᠢᠭᠤᠯᠬᠤ ᠪᠠᠶᠢᠳᠠᠯ ᠢ ᠪᠤᠢ ᠪᠤᠯᠭᠠᠵᠠᠢ᠃     ᠬᠤᠶᠠᠷ ᠲᠤ ᠲᠦᠰᠦᠯ ᠢ ᠨᠠᠷᠢᠯᠢᠭᠵᠢᠭᠤᠯᠪᠠ᠃ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠵᠢᠯᠯᠠᠭᠠᠨ ᠤ ᠲᠦᠰᠦᠯ ᠲᠠᠢ ᠬᠠᠷᠢᠴᠠᠭᠤᠯᠤᠨ᠂ ᠬᠤᠳᠠ ᠶᠢᠨ ᠲᠤᠪᠴᠢᠶᠠᠨ ᠤ ᠡᠯ᠎ᠡ ᠰᠠᠯᠠᠭ᠎ᠠ ᠮᠦᠴᠢᠷ ᠤᠨ ᠭᠤᠤᠯᠳᠠᠯᠭ᠎ᠠ ᠲᠠᠢ ᠡᠬᠦᠷᠭᠡ ᠶᠢ ᠬᠠᠮᠤᠷᠤᠭᠰᠠᠨ ᠠᠵᠢᠯᠯᠠᠭᠠᠨ ᠤ ᠲᠦᠰᠦᠯ ᠢ ᠪᠦᠷᠢᠯᠳᠤᠬᠦᠯᠵᠦ᠂ ᠬᠠᠤᠯᠢ  ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠪᠦᠬᠦ ᠲᠠᠯ᠎ᠠ ᠪᠠᠷ ᠬᠠᠮᠤᠷᠴᠦ᠂ ᠭᠤᠤᠯᠳᠠᠯᠭ᠎ᠠ ᠲᠠᠢ ᠠᠶᠤᠯ ᠲᠦᠭᠰᠢᠬᠦᠷᠢ ᠶᠢᠨ ᠲᠠᠯᠳᠠ ᠬᠡᠮ ᠢ ᠨᠢᠭᠡ ᠴᠤᠭᠴᠠᠵᠢᠭᠤᠯᠤᠨ ᠪᠤᠭᠤᠮᠳᠠ ᠰᠢᠪᠳᠤᠯᠬᠤ ᠠᠵᠢᠯᠯᠠᠭ᠎ᠠ ᠠᠪᠴᠠᠢ᠃     ᠭᠤᠷᠪᠠ ᠳᠤ ᠦᠨᠳᠦᠷ ᠬᠦᠴᠦᠯᠡᠴᠡ ᠲᠠᠢ ᠴᠤᠬᠢᠯᠳᠠ ᠥᠭᠪᠡ᠃ ᠪᠦᠬᠦ ᠲᠠᠯ᠎ᠠ ᠶᠢᠨ ᠬᠦᠴᠦᠨ᠂ ᠡᠬᠢ ᠪᠠᠶᠠᠯᠢᠭ᠂ ᠠᠷᠭ᠎ᠠ ᠠᠪᠴᠠᠯ ᠢᠶᠠᠨ ᠨᠢᠭᠡᠳᠦᠯᠳᠠᠢ ᠲᠤᠬᠢᠷᠠᠭᠤᠯᠤᠨ᠂ ᠰᠦᠷ ᠬᠦᠴᠦᠨ ᠢᠶᠠᠨ ᠬᠦᠭᠵᠢᠭᠡᠨ᠂ ᠪᠠᠶᠢᠯᠳᠤᠭᠠᠨ ᠤ ᠵᠠᠭᠪᠤᠷ ᠢᠶᠠᠨ ᠰᠢᠯᠢᠳᠡᠭᠵᠢᠬᠦᠯᠵᠠᠢ᠃ ᠡᠯ᠎ᠡ ᠲᠤᠮᠢᠯᠠᠭᠰᠠᠨ ᠰᠠᠯᠪᠤᠷᠢ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ ︽ᠪᠠᠶᠢᠴᠠᠭᠠᠬᠤ᠂ ᠰᠢᠭᠰᠢᠨ ᠪᠠᠶᠢᠴᠠᠭᠠᠬᠤ︾  ᠶᠢ ᠨᠡᠶᠢᠳᠡᠮ ᠪᠦᠷᠬᠦᠬᠦᠯᠦᠨ᠂ ︽ᠰᠡᠷᠭᠡᠶᠢᠯᠡᠬᠦ᠂ ᠬᠠᠮᠢᠶᠠᠷᠤᠨ ᠡᠵᠡᠮᠳᠡᠬᠦ︾ ᠶᠢ ᠪᠦᠬᠦ ᠴᠠᠭ ᠬᠤᠭᠤᠴᠠᠭ᠎ᠠ ᠪᠠᠷ ᠶᠠᠪᠤᠭᠤᠯᠵᠦ᠂ ︽ᠴᠤᠬᠢᠯᠳᠠ ᠦᠭᠬᠦ᠂ ᠴᠡᠭᠴᠡᠯᠡᠨ ᠵᠠᠰᠠᠬᠤ︾ ᠶᠢ ᠪᠦᠬᠦ ᠤᠷᠤᠨ ᠵᠠᠢ ᠳᠤ ᠲᠠᠯᠪᠢᠬᠤ ᠶᠡᠷᠤᠩᠭᠡᠢ ᠱᠠᠭᠠᠷᠳᠠᠯᠭ᠎ᠠ ᠪᠠᠷ ᠠᠵᠢᠯᠯᠠᠵᠦ᠂ ᠲᠦᠷᠢᠶᠡᠰᠤᠨ ᠬᠡᠷ᠂ ᠪᠡᠶ᠎ᠡ ᠤᠬᠢᠶᠠᠬᠤ ᠭᠠᠵᠠᠷ᠂ ᠰᠦᠯᠵᠢᠶᠡᠨ ᠪᠠᠭᠠᠷ ᠵᠡᠷᠭᠡ ᠭᠠᠵᠠᠷ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠶᠢᠨ ᠬᠠᠮᠳᠤ᠂ KTV᠂ ᠠᠷᠢᠬᠢᠨ ᠮᠤᠬᠤᠯᠠᠭ ᠵᠡᠷᠭᠡ ᠵᠤᠭ᠎ᠠ ᠴᠡᠩᠭᠡᠬᠦᠨ ᠤ ᠭᠠᠵᠠᠷ ᠲᠤ ᠰᠢᠭᠰᠢᠨ ᠪᠠᠶᠢᠴᠠᠭᠠᠯᠳᠠ ᠬᠢᠵᠦ᠂ ᠠᠷᠢᠬᠢᠨ ᠤ ᠲᠠᠷᠠᠭ᠎ᠠ ᠬᠡᠷᠡᠭ ᠡᠳᠦᠬᠦ᠂ ᠬᠡᠷᠡᠬᠦᠯ ᠵᠤᠳᠤᠭᠠᠨ ᠬᠢᠬᠦ ᠵᠡᠷᠭᠡ ᠶᠢ ᠴᠢᠩᠭ᠎ᠠ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠨᠡᠮᠡᠭᠳᠡᠬᠦᠯᠵᠠᠢ᠃     ᠲᠦᠷᠪᠡ ᠳᠤ ᠲᠤᠭᠳᠠᠭᠤᠨ ᠪᠠᠶᠢᠳᠠᠯ ᠤᠨ ᠡᠮᠬᠢ ᠲᠢᠭᠯᠢᠮ ᠢ ᠬᠠᠮᠠᠭᠠᠯᠠᠪᠠ᠃ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠭᠢ ᠨᠢ ᠭᠤᠤᠯᠳᠠᠯᠭ᠎ᠠ ᠲᠠᠢ ᠲᠡᠷᠭᠡ ᠬᠦᠰᠭᠡ ᠶᠢᠨ ᠬᠠᠮᠢᠶᠠᠷᠤᠯᠳᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠥᠭᠴᠦ᠂ ᠵᠠᠮ ᠬᠠᠷᠢᠯᠴᠠᠭᠠᠨ  ᠤ ᠲᠤᠨᠤᠭ ᠲᠦᠬᠦᠭᠡᠷᠤᠮᠵᠢ ᠶᠢ ᠲᠡᠬᠦᠯᠳᠡᠷᠵᠢᠬᠦᠯᠦᠭᠰᠡᠨ ᠪᠠᠶᠢᠨ᠎ᠠ᠃ ᠭᠤᠤᠯ ᠵᠠᠮ᠂ ᠬᠤᠳᠠᠯᠳᠤᠭᠠᠨ ᠤ ᠲᠤᠭᠤᠷᠢᠭ᠂ ᠠᠭᠤᠳᠠᠮ ᠲᠠᠯᠠᠪᠠᠢ᠂ ᠠᠶᠠᠨᠴᠢᠳ ᠤᠨ ᠲᠡᠭᠡᠭᠡᠪᠤᠷᠢ  ᠶᠢᠨ ᠦᠷᠳᠡᠭᠡ ᠵᠡᠷᠭᠡ ᠴᠢᠬᠤᠯᠠ ᠲᠠᠯᠠᠪᠤᠷ ᠢᠶᠠᠷ ᠤᠬᠠᠭᠤᠯᠭ᠎ᠠ ᠶᠢᠨ ᠴᠢᠭ ᠪᠤᠯᠭᠠᠵᠦ᠂ ᠠᠮᠤᠷ ᠲᠦᠪᠰᠢᠨ ᠤ ᠰᠡᠷᠡᠮᠵᠢ ᠶᠢᠨ ᠤᠶᠢᠯᠡᠴᠢᠯᠡᠭᠡ ᠶᠢ ᠬᠦᠨᠵᠡᠭᠡᠶᠢᠷᠡᠬᠦᠯᠵᠦ᠂ ᠬᠤᠳᠠ ᠶᠢᠨ ᠠᠷᠠᠳ ᠤᠨ ᠪᠤᠯᠪᠠᠰᠤᠨ ᠢᠶᠠᠷ ᠶᠠᠪᠤᠵᠦ ᠰᠠᠭᠤᠬᠤ ᠶᠢ ᠬᠦᠳᠦᠯᠦᠨ ᠵᠢᠯᠤᠭᠤᠳᠴᠦ᠂ ᠰᠠᠶᠢᠨ ᠰᠠᠶᠢᠬᠠᠨ ᠵᠠᠮ  ᠬᠠᠷᠢᠯᠴᠠᠭᠠᠨ ᠤ ᠤᠷᠴᠢᠨ ᠲᠤᠭᠤᠷᠢᠨ ᠢ ᠪᠤᠢ ᠪᠤᠯᠭᠠᠵᠠᠢ᠃
锡市公安局“夏季行动”取得显著成效1.jpg
     ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾ ᠳᠤ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠨᠡᠶᠢᠳᠡ 4000 ᠭᠠᠷᠤᠢ ᠴᠠᠭᠳᠠᠭ᠎ᠠ ︵ᠤᠳᠠᠭ᠎ᠠ︶ ᠤᠷᠤᠯᠴᠠᠵᠦ᠂ 1238 ᠴᠠᠭᠳᠠᠭᠠᠨ ᠤ ᠲᠡᠷᠭᠡ ︵ᠤᠳᠠᠭ᠎ᠠ︶ ᠵᠠᠷᠤᠴᠠᠭᠤᠯᠵᠤ᠂ 1665 ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ  ᠢᠶᠠᠨ ᠵᠠᠰᠠᠬᠤ ᠬᠦᠴᠦᠨ ᠤᠷᠤᠯᠴᠠᠵᠦ᠂ 2507 ᠲᠡᠷᠭᠡ ᠬᠦᠰᠭᠡ ᠪᠠ 423 ᠰᠡᠵᠢᠭ ᠪᠦᠬᠦᠢ ᠬᠦᠮᠦᠰ ᠢ ᠪᠠᠶᠢᠴᠠᠭᠠᠨ᠂ 447 ᠭᠤᠤᠯᠳᠠᠯᠭ᠎ᠠ ᠲᠠᠢ ᠭᠠᠵᠠᠷ ᠢᠶᠠᠷ ᠲᠤᠭᠤᠷᠢᠨ ᠪᠠᠶᠢᠴᠠᠭᠠᠵᠦ᠂ 70 ᠠᠮᠤᠷ ᠲᠦᠪᠰᠢᠨ ᠤ ᠬᠡᠮ ᠰᠤᠭᠤᠭ ᠢ ᠴᠡᠭᠴᠡᠯᠡᠨ ᠵᠠᠰᠠᠵᠠᠢ᠃ 900 ᠭᠠᠷᠤᠢ ᠵᠤᠭ᠎ᠠ ᠴᠡᠩᠭᠡᠬᠦᠨ ᠤ ᠭᠠᠵᠠᠷ ᠵᠡᠷᠭᠡ ᠭᠤᠤᠯᠳᠠᠯᠭ᠎ᠠ  ᠲᠠᠢ ᠭᠠᠵᠠᠷ ᠢ ᠪᠠᠶᠢᠴᠠᠭᠠᠨ᠂ ᠡᠯ᠎ᠡ ᠲᠦᠷᠦᠯ ᠤᠨ ᠵᠠᠮ ᠬᠠᠷᠢᠯᠴᠠᠭᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ 4306 ᠶᠢ ᠪᠠᠶᠢᠴᠠᠭᠠᠨ ᠭᠠᠷᠭᠠᠵᠠᠢ᠃ ᠤᠬᠠᠭᠤᠯᠭ᠎ᠠ  ᠶᠢᠨ ᠮᠠᠲ᠋ᠧᠷᠢᠶᠠᠯ 4600 ᠭᠠᠷᠤᠢ ᠬᠠᠭᠤᠳᠠᠰᠤ ᠲᠠᠷᠬᠠᠭᠠᠨ᠂ ᠬᠦᠮᠦᠵᠢᠯ ᠬᠦᠷᠳᠡᠭᠰᠡᠨ ᠬᠦᠮᠦᠨ 30000 ᠭᠠᠷᠤᠢ ᠪᠠᠶᠢᠪᠠ᠃
锡市公安局“夏季行动”取得显著成效4.jpg
     ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽ᠵᠤᠨ ᠤ ᠤᠯᠠᠷᠢᠯ ᠤᠨ ᠲᠤᠰᠬᠠᠢ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠦᠷᠨᠢᠬᠦᠯᠵᠦ᠂ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠤᠨᠤᠪᠴᠢᠳᠠᠢ ᠴᠤᠬᠢᠯᠳᠠ ᠦᠭᠴᠦ᠂ ᠠᠶᠤᠯ ᠲᠦᠭᠰᠢᠬᠦᠷᠢ ᠶᠢᠨ ᠲᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠵᠦ᠂ ᠤᠯᠠᠨ ᠲᠦᠮᠡᠨ ᠤ ᠲᠠᠶᠢᠪᠤᠩᠲᠤ ᠲᠦᠷᠦᠭᠳᠡᠯ᠂ ᠰᠡᠳᠬᠢᠯ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠨᠡᠮᠡᠭᠳᠡᠬᠦᠯᠵᠠᠢ᠃ ︵ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠶᠤᠨᠴᠢᠮᠡᠭ ᠮᠡᠳᠡᠭᠡᠯᠡᠪᠡ︶                                       
ᠢᠷᠡᠯᠲᠡ᠄ ᠰᠢᠯᠢ ᠶᠢᠨ ᠭᠤᠤᠯ ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠳᠤᠪᠴᠢᠶ᠎ᠠ