ᠠᠶᠠᠨᠴᠢᠳ ᠤᠨ ᠲᠡᠷᠭᠡ ᠶᠢᠨ ᠬᠤᠷᠳᠤᠴᠠ ᠬᠡᠲᠦᠷᠡᠬᠦ᠂ ᠪᠠᠷᠠᠭᠠᠨ ᠤ ᠲᠡᠷᠭᠡ ᠶᠢᠨ ᠳᠠᠭᠠᠭᠠᠴᠠ ᠠᠴᠠ ᠬᠡᠲᠦᠷᠡᠬᠦ᠂ ᠤᠯᠠᠭᠠᠨ ᠳ᠋ᠧᠩ ᠢ ᠳᠠᠪᠠᠭ᠋ᠤ᠂ ᠰᠥᠷᠭᠡᠤ ᠶᠠᠪᠤᠬᠤ | ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠵᠠᠮ ᠬᠠᠷᠢᠯᠴᠠᠭᠠᠨ ᠤ ᠠᠳᠠᠯ ᠢ ᠲᠦᠢᠯ ᠤᠨ ᠠᠮᠠᠷᠬᠠᠨ ᠡᠭᠦᠰᠭᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠬᠦ ᠪᠣᠯᠤᠨ᠎ᠠ᠃ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠪᠠ ᠠᠶᠠᠨᠴᠢᠳ ᠤᠨ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠠᠳᠡᠬᠦ ᠠᠳᠡᠯ ᠢ | ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠣᠳᠣᠬᠠᠨ ᠳᠤ ᠶᠠᠭ ᠥᠷᠨᠢᠭᠦᠯᠵᠦ ᠪᠠᠶᠢᠭ᠎ᠠ ︽ᠵᠣᠨ ᠤ ᠤᠯᠠᠷᠢᠯ ᠤᠨ ᠠᠵᠢᠯᠯᠠᠭ᠎ᠠ︾ ᠪᠠ ︽ᠵᠠᠭᠤᠨ ᠡᠳᠦᠷ ᠤᠨ | ᠪᠣᠭᠤᠮᠲᠠ ᠰᠢᠪᠲᠤᠯᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠨᠢ ᠪᠥᠬᠦ ᠬᠤᠲᠠ ᠶᠢᠨ ᠬᠡᠪᠴᠢᠶᠡᠨ ᠳᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠭᠰᠡᠨ ᠢ ᠴᠡᠭᠴᠡᠯᠡᠨ ᠵᠠᠰᠠᠬᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ ᠥᠷᠨᠢᠭᠦᠯᠪᠡ᠃ | | | | 8 ᠳ᠋ᠤᠭᠠᠷ ᠰᠠᠷ᠎ᠠ ᠶᠢᠨ 29 ᠤ ᠡᠳᠦᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠥᠬᠦ ᠬᠤᠲᠠ ᠳᠤ ︽ᠭᠤᠷᠪᠠᠳᠤᠭᠠᠷ ᠳᠡᠰ ᠤᠨ ᠪᠠᠶᠢᠴᠠᠭᠠᠨ | ᠡᠵᠡᠮᠳᠡᠬᠦ ᠳᠤᠭᠤᠷᠢᠭ︾ ᠤᠨ ᠵᠠᠰᠠᠮᠠᠯ ᠵᠠᠮ ᠤᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ 14 ᠶᠢ ᠡᠬᠢᠯᠡᠭᠦᠯᠵᠦ᠂ 3 ᠭᠠᠵᠠᠷ ᠤᠨ ᠵᠠᠰᠠᠮᠠᠯ ᠵᠠᠮ ᠤᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ᠨᠢ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠳᠤ | ︽ᠲᠡᠷᠭᠡ ᠳᠠᠭᠠᠷᠠᠪᠠᠯ ᠵᠠᠪᠠᠯ ᠪᠠᠶᠢᠴᠠᠭᠠᠬᠤ︾ ᠶᠢ ᠨᠠᠶᠢᠳᠠᠪᠤᠷᠢᠵᠢᠭᠤᠯᠵᠤ᠂ ᠥᠷᠲᠡᠭᠡ ᠥᠩᠭᠡᠷᠡᠬᠦ ᠬᠥᠮᠦᠨ᠂ ᠲᠡᠷᠭᠡ᠂ ᠪᠣᠳᠠᠰ ᠤᠨ ᠠᠮᠤᠷ ᠲᠦᠪᠰᠢᠨ ᠢ ᠪᠠᠶᠢᠴᠠᠭᠠᠨ | ᠡᠵᠡᠮᠳᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ ᠤᠨ ᠣᠷᠣᠵᠤ ᠭᠠᠷᠬᠤ ᠶᠢ ᠴᠢᠩᠭ᠎ᠠ ᠰᠡᠷᠭᠡᠶᠢᠯᠡᠪᠡ᠃ 21 ᠴᠠᠭ ᠠᠴᠠ | 24 ᠴᠠᠭ ᠪᠣᠯᠲᠠᠯ᠎ᠠ᠂ ᠪᠥᠬᠦ ᠬᠤᠲᠠ ᠳᠤ 27 ᠭᠠᠵᠠᠷ ᠲᠤ ᠰᠥᠨᠢ ᠶᠢᠨ ᠪᠠᠶᠢᠴᠠᠭᠠᠯᠲᠠ ᠬᠢᠬᠦ ᠴᠡᠭ ᠭᠠᠷᠭᠠᠵᠤ᠂ ᠴᠠᠭᠳᠠᠭᠠᠨ ᠤ ᠬᠦᠴᠦᠨ 164 ᠬᠥᠮᠦᠨ ᠤᠳᠠᠭ᠎ᠠ᠂ | ᠴᠠᠭᠳᠠᠭᠠᠨ ᠤ ᠲᠡᠷᠭᠡ 37 ᠤᠳᠠᠭ᠎ᠠ ᠬᠥᠳᠡᠯᠭᠡᠵᠦ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ | ᠪᠠᠷᠠᠭᠠᠨ ᠤ ᠲᠡᠷᠭᠡ ︽ᠬᠤᠶᠠᠷ ᠳᠠᠭᠠᠷᠢᠬᠤ︾ ︵ᠬᠤᠷᠢᠭ᠎ᠠ ᠲᠠᠢ ᠭᠠᠵᠠᠷ ᠢ ᠳᠠᠭᠠᠷᠢᠬᠤ᠂ ᠲᠣᠬᠢᠶᠠᠨ ᠳᠡᠮᠳᠡᠭ ᠢ ᠳᠠᠭᠠᠷᠢᠬᠤ︶᠂ ᠠᠶᠠᠨᠴᠢᠳ ᠤᠨ ᠲᠡᠷᠭᠡ ᠬᠡᠲᠦᠷᠡᠲᠡᠯ᠎ᠡ | ᠠᠶᠠᠨᠴᠢᠳ ᠲᠡᠭᠡᠭᠡᠪᠦᠷᠢᠯᠡᠬᠦ᠂ ᠬᠤᠷᠳᠤᠴᠠ ᠬᠡᠲᠦᠷᠡᠬᠦ᠂ ᠶᠠᠳᠠᠷᠠᠭᠤ ᠪᠠᠷ ᠲᠡᠷᠭᠡ ᠵᠢᠯᠣᠭᠤᠳᠬᠤ᠂ ᠦᠨᠡᠮᠯᠡᠯ ᠥᠬᠡᠶ ᠪᠠᠷ ᠲᠡᠷᠭᠡ ᠵᠢᠯᠣᠭᠤᠳᠬᠤ᠂ ᠬᠠᠤᠯᠢ ᠪᠤᠰᠤ ᠪᠠᠷ | ᠥᠭᠡᠷᠡᠴᠢᠯᠡᠨ ᠤᠭᠰᠠᠷᠠᠭᠤᠯᠬᠤ᠂ ᠬᠠᠤᠯᠢ ᠪᠤᠰᠤ ᠪᠠᠷ ᠬᠥᠮᠦᠨ ᠲᠡᠭᠡᠭᠡᠬᠦ᠂ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ | ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠶᠢᠴᠠᠭᠠᠭᠰᠠᠨ ᠥᠬᠡᠶ᠂ ᠬᠤᠭᠤᠴᠠᠭ᠎ᠠ ᠨᠢ ᠬᠡᠳᠦᠷᠡᠭᠰᠡᠨ ᠲᠡᠷᠭᠡ ᠶᠢ ᠬᠡᠷᠡᠭᠴᠡᠭᠡ ᠠᠴᠠ ᠪᠠᠨ ᠭᠠᠷᠭᠠᠭᠰᠠᠨ ᠦᠭᠡᠢ ᠵᠠᠮ ᠳᠤ | ᠭᠠᠷᠴᠤ ᠶᠠᠪᠤᠬᠤ᠂ ᠲᠦᠷᠢᠮ ᠲᠤᠭᠳᠠᠭᠠᠯ ᠢ ᠵᠦᠷᠢᠴᠡᠨ ᠡᠮᠦᠨᠡᠬᠢ ᠲᠡᠷᠭᠡ ᠪᠠᠨ ᠳᠠᠪᠠᠭ᠋ᠤ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃ ᠠᠵᠢᠯᠯᠠᠭ᠎ᠠ ᠶᠢᠨ ᠲᠤᠬᠠᠶ ᠶᠢᠨ ᠡᠳᠦᠷ᠂ ᠨᠡᠶᠢᠲᠡ 2728 ᠲᠡᠷᠭᠡ᠂ 3103 ᠬᠥᠮᠦᠨ | ᠤᠳᠠᠭ᠎ᠠ ᠪᠠᠶᠢᠴᠠᠭᠠᠵᠤ᠂ ᠰᠣᠭᠲᠣᠭᠤ ᠪᠠᠷ ᠲᠡᠷᠭᠡ ᠵᠢᠯᠣᠭᠤᠳᠤᠭᠰᠠᠨ 3 ᠬᠦᠮᠦᠨ᠂ ᠶᠠᠳᠠᠷᠠᠭᠤ ᠪᠠᠷ ᠲᠡᠷᠭᠡ ᠵᠢᠯᠣᠭᠤᠳᠤᠭᠰᠠᠨ 27 ᠬᠦᠮᠦᠨ᠂ ᠠᠴᠢᠶᠠᠨ ᠤ ᠲᠡᠷᠭᠡ | ᠬᠤᠷᠢᠭ᠎ᠠ ᠠᠴᠠ ᠳᠠᠪᠠᠵᠤ ᠶᠠᠪᠤᠭᠰᠠᠨ 135᠂ ᠳᠠᠭᠠᠭᠠᠴᠠ ᠠᠴᠠ ᠬᠡᠲᠦᠷᠡᠭᠦᠯᠦᠨ ᠠᠴᠢᠶᠠᠯᠠᠭᠰᠠᠨ 7᠂ ᠠᠴᠢᠶᠠᠨ ᠤ ᠲᠡᠷᠭᠡ ᠥᠨᠳᠥᠷ ᠬᠦᠬᠦᠷᠭᠡᠨ ᠵᠠᠮ ᠢᠶᠠᠷ | ᠠᠶᠠᠯᠠᠭᠰᠠᠨ 24᠂ ᠨᠣᠮᠧᠷ ᠤᠨ ᠫᠠᠶᠢᠰᠠ ᠶᠢ ᠵᠣᠷᠢᠭᠤᠳᠠ ᠪᠣᠬᠢᠷᠲᠤᠭᠤᠯᠤᠨ ᠬᠤᠬᠢᠷᠠᠭᠤᠯᠤᠭᠰᠠᠨ 1 ᠲᠡᠷᠭᠡ ᠪᠠ ᠬᠠᠤᠯᠢ ᠠᠴᠠ ᠵᠥᠷᠢᠴᠡᠭᠰᠡᠨ ᠪᠤᠰᠤᠳ ᠠᠵᠢᠯᠯᠠᠭ᠎ᠠ | 148 ᠶᠢ ᠪᠠᠶᠢᠴᠠᠭᠠᠨ ᠢᠯᠡᠷᠡᠭᠦᠯᠪᠡ᠃ | | | | ᠬᠥᠬᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠨᠠᠭᠤᠯᠤᠭᠰᠠᠨ ᠢᠶᠠᠷ᠂ ᠠᠶᠠᠨᠴᠢᠳ ᠤᠨ ᠲᠡᠷᠭᠡ ᠬᠥᠮᠦᠨ ᠤ ᠲᠤᠭ᠎ᠠ ᠠᠴᠠ ᠬᠡᠲᠦᠷᠡᠭᠦᠯᠦᠭᠰᠡᠨ᠂ | ᠪᠠᠷᠠᠭᠠᠨ ᠤ ᠲᠡᠷᠭᠡ ᠳᠠᠭᠠᠭᠠᠴᠠ ᠠᠴᠠ ᠬᠡᠲᠦᠷᠡᠭᠦᠯᠦᠭᠰᠡᠨ ᠠᠴᠠ ᠪᠣᠯᠵᠣ ᠵᠠᠮ ᠬᠠᠷᠢᠯᠴᠠᠭᠠᠨ ᠤ ᠠᠮᠤᠷ ᠲᠦᠪᠰᠢᠨ ᠳᠤ ᠳᠠᠯᠳᠠ ᠬᠡᠮ ᠤᠴᠠᠷᠠᠭᠤᠯᠵᠤ ᠪᠣᠶ᠂ ᠲᠠ ᠪᠣᠯᠤᠨ | ᠪᠤᠰᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠲᠥᠯᠥᠭᠡ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ | ᠰᠠᠬᠢᠵᠤ᠂ ᠠᠮᠢ ᠨᠠᠰᠤ ᠪᠠᠨ ᠨᠠᠨᠳᠢᠩᠨᠠᠨ ᠬᠠᠶᠢᠷᠠᠯᠠᠵᠤ᠂ ᠠᠮᠤᠷ ᠲᠦᠪᠰᠢᠨ ᠢᠶᠠᠷ ᠠᠶᠠᠯᠠᠭᠠᠷᠠᠶ᠃ ︵ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠸᠠᠩ ᠵᠢᠶᠠᠨ ᠨᠠᠨ ᠮᠡᠳᠡᠭᠡᠯᠡᠪᠡ︶ |