ᠸᠠᠩ ᠰᠢᠶᠤᠤ ᠬᠤᠩ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ ᠳᠡᠭᠡᠷ᠎ᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷᠵᠢᠭᠤᠨ ᠳᠠᠶᠢᠴᠢᠨ ᠬᠦᠴᠦᠨ ᠢ ᠳᠡᠭᠡᠭᠰᠢᠯᠡᠭᠦᠯᠵᠦ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/10/18
      ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ ᠤᠨ ᠶᠠᠷᠢᠯᠴᠠᠬᠤ ᠬᠤᠷᠠᠯ 16 ᠤ ᠡᠳᠦᠷ ᠠᠴᠠ 17 ᠤ ᠡᠳᠦᠷ ᠪᠣᠯᠲᠠᠯ᠎ᠠ ᠲᠢᠶᠠᠨᠵᠢᠨ ᠳᠤ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠸᠠᠩ ᠰᠢᠶᠤᠤ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠸᠠᠩ ᠰᠢᠶᠤᠤ ᠬᠤᠩ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠠᠴᠠ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠪᠣᠳᠠᠲᠤ ᠳᠠᠢᠨ ᠤ ᠤᠳᠤᠷᠢᠳᠤᠮᠵᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠨᠳᠦᠰᠦᠨ ᠱᠠᠲᠤᠨ ᠤ ᠤᠳᠤᠷᠢᠳᠤᠮᠵᠢ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ᠂ ᠰᠢᠨ᠎ᠡ ᠴᠠᠭᠳᠠᠭᠠᠨ ᠤ ᠶᠠᠪᠤᠳᠠᠯ ᠤᠨ ᠦᠵᠡᠯᠲᠡ ᠪᠠᠷ ᠤᠳᠤᠷᠢᠳᠤᠮᠵᠢ ᠶᠢ ᠴᠢᠩᠭᠠᠳᠬᠠᠬᠤ᠂ ᠰᠢᠨ᠎ᠡ ᠠᠵᠢᠯᠯᠠᠭᠠᠨ ᠤ ᠵᠠᠭᠪᠤᠷ ᠢᠶᠠᠷ ᠵᠠᠩᠭᠢᠯᠠᠭ᠎ᠠ ᠪᠣᠯᠭᠠᠵᠤ᠂ ᠰᠢᠨ᠎ᠡ ᠮᠡᠷᠭᠡᠵᠢᠯ ᠤᠨ ᠲᠣᠨᠣᠭᠯᠠᠯ ᠢᠶᠠᠷ ᠲᠤᠯᠭᠠᠭᠤᠷᠢ ᠪᠣᠯᠭᠠᠵᠤ᠂ ᠰᠢᠨ᠎ᠡ ᠬᠠᠮᠢᠶᠠᠷᠤᠯᠲᠠ ᠶᠢᠨ ᠰᠢᠰᠲ᠋ᠧᠮ ᠢᠶᠠᠷ ᠪᠠᠲᠤᠯᠠᠭ᠎ᠠ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠥᠨᠳᠥᠷ ᠲᠦᠪᠰᠢᠨ ᠢᠶᠠᠷ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠸᠠᠩ ᠰᠢᠶᠤᠤ ᠬᠤᠩ᠂ ᠰᠢᠨ᠎ᠡ ᠶᠢ ᠡᠭᠦᠳᠬᠦ᠂ ᠰᠠᠨᠠᠭᠠᠴᠢᠯᠠᠭ᠎ᠠ ᠲᠠᠢ᠂ ᠵᠢᠷᠤᠮᠵᠢᠯ ᠲᠠᠢ᠂ ᠬᠠᠮᠵᠢᠯᠴᠠᠭᠰᠠᠨ᠂ ᠨᠠᠷᠢᠯᠢᠭ᠂ ᠪᠣᠳᠠᠲᠠᠢ ᠶᠢ ᠡᠷᠬᠢᠮᠯᠡᠭᠰᠡᠨ ᠰᠢᠨ᠎ᠡ ᠴᠠᠭᠳᠠᠭᠠᠨ ᠤ ᠶᠠᠪᠤᠳᠠᠯ ᠤᠨ ᠣᠶᠢᠯᠠᠭᠠᠭᠳᠠᠬᠤᠨ ᠢ ᠦᠨᠡᠨ ᠬᠦ ᠪᠤᠢ ᠪᠣᠯᠭᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠦᠲᠦᠮᠵᠢᠲᠡᠢ ᠬᠦᠳᠦᠯᠦᠨ ᠳᠠᠭᠠᠭᠤᠯᠵᠤ ᠳᠠᠶᠢᠴᠢᠯᠠᠬᠤ ᠬᠡᠷᠡᠭᠲᠡᠢ᠃ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠶ᠃ ᠰᠢᠨ᠎ᠡ ᠮᠡᠷᠭᠡᠵᠢᠯ ᠲᠣᠨᠣᠭᠯᠠᠯ ᠤᠨ ᠪᠠᠶᠢᠭᠤᠯᠤᠯᠲᠠ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ ᠤᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠰ ᠳᠡᠪᠰᠢᠭᠦᠯᠵᠦ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ᠃ ᠰᠢᠨ᠎ᠡ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠬᠦ ᠶᠢ ᠴᠢᠬᠤᠯᠠᠴᠢᠯᠠᠵᠤ᠂ ᠴᠠᠭᠳᠠᠭᠠᠨ ᠤ ᠶᠠᠪᠤᠳᠠᠯ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ