ᠬᠢᠶ᠎ᠠ ᠪᠠᠭᠰᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ
ᠨᠡᠶᠢᠲᠡᠯᠡᠭᠰᠡᠨ ᠴᠠᠭ᠄
2024/10/26
      ᠣᠶᠢᠷ᠎ᠠ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠷᠳᠣᠰ ᠬᠤᠲᠠ ᠶᠢᠨ ᠬᠢᠶ᠎ᠠ ᠪᠠᠭᠰᠢ  ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠨ ᠵᠣᠬᠢᠶᠠᠨ ᠪᠠᠶᠢᠭᠤᠯᠵᠤ ᠰᠤᠷᠭᠠᠭᠤᠯᠢ ᠳᠤ ᠣᠴᠢᠬᠤ ᠪᠠ ᠰᠤᠷᠭᠠᠭᠤᠯᠢ ᠲᠠᠷᠬᠠᠬᠤ ᠣᠷᠭᠢᠯ ᠤᠨ ᠦᠶ᠎ᠡ ᠳᠤ ᠲᠣᠭᠲᠠᠭᠰᠠᠨ ᠴᠡᠭ ᠢᠶᠠᠷ ᠵᠢᠵᠢᠭᠦᠷᠯᠡᠨ ᠰᠠᠬᠢᠵᠤ᠂ ᠰᠤᠷᠭᠠᠭᠤᠯᠢ ᠶᠢᠨ ᠡᠭᠦᠳᠡᠨ ᠤ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠢ ᠬᠠᠮᠠᠭᠠᠯᠠᠬᠤ ᠴᠠᠭᠳᠠᠨ ᠰᠡᠷᠭᠡᠶᠢᠯᠡᠬᠦ ᠠᠵᠢᠯ ᠢ ᠴᠢᠩᠭᠠᠳᠬᠠᠪᠠ᠃ ᠡᠭᠦᠨ ᠤ ᠬᠠᠮᠲᠤ ᠰᠤᠷᠭᠠᠭᠤᠯᠢ ᠳᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠶᠢᠨ ᠭᠠᠯ ᠤᠨᠲᠠᠷᠠᠭᠠᠬᠤ ᠪᠠ ᠠᠮᠤᠷ ᠢ ᠬᠠᠮᠠᠭᠠᠯᠠᠬᠤ ᠠᠶᠤᠯ ᠦᠭᠡᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ ᠳᠠᠷᠤᠶ ᠲᠦᠷᠭᠡᠨ ᠵᠢᠯᠣᠭᠤᠳᠤᠨ ᠴᠡᠭᠴᠡᠯᠡᠨ ᠰᠠᠶᠢᠵᠢᠷᠠᠭᠤᠯᠵᠤ᠂ ᠪᠣᠯᠪᠠᠰᠤᠨ ᠡᠮᠬᠢ ᠵᠢᠷᠤᠮ ᠲᠠᠢ᠂ ᠠᠮᠤᠷ ᠲᠦᠪᠰᠢᠨ ᠡᠶ᠎ᠡ ᠵᠣᠬᠢᠴᠠᠩᠭᠤᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠪᠠ᠃
康巴什.jpg
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ