︽ᠵᠤᠨ ᠤ ᠤᠯᠠᠷᠢᠯ ᠤᠨ ᠠᠵᠢᠯᠯᠠᠭ᠎ᠠ︾ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠂ ᠪᠥᠬᠦ ᠬᠤᠲᠠ ᠶᠢᠨ ᠤᠯᠤᠰ ᠲᠥᠷᠥ ᠨᠡᠶᠢᠭᠡᠮ ᠤᠨ ᠶᠡᠭᠡ | ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠬᠠᠮᠠᠭᠠᠯᠠᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠤᠯᠤᠰ | ᠪᠠᠶᠢᠭᠤᠯᠤᠭᠳᠠᠭᠰᠠᠨ ᠪᠠᠶᠠᠷ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ | ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ | ᠲᠣᠪᠴᠢᠶ᠎ᠠ ᠶᠢᠨ ᠳᠠᠷᠤᠭ᠎ᠠ ᠵᠠᠩ ᠸᠧᠶ ᠭᠤᠷᠪᠠᠨ ᠲᠤᠭᠤᠷᠢᠭ ᠤᠨ ᠭᠤᠤᠯᠳᠠᠯᠭ᠎ᠠ ᠲᠠᠢ ᠲᠠᠯᠠᠪᠤᠷ᠂ ᠣᠷᠣᠨ ᠪᠦᠰᠡ᠂ ᠣᠷᠣᠨ ᠪᠠᠶᠢᠷᠢ ᠳᠤ ᠭᠦᠨᠵᠡᠭᠡᠶᠢᠷᠡᠨ᠂ ᠤᠯᠤᠰ | ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠪᠠ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠬᠢᠨᠠᠨ ᠵᠢᠯᠣᠭᠤᠳᠴᠤ | ᠪᠠᠶᠢᠴᠠᠭᠠᠪᠠ᠃ ᠭᠤᠷᠪᠠᠨ ᠬᠤᠪᠢᠶᠠᠷᠢ ᠲᠣᠭᠤᠷᠢᠭ ᠤᠨ ᠲᠣᠪᠴᠢᠶ᠎ᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠯᠪᠤᠷᠢ ᠠᠩᠭᠢ ᠶᠢᠨ ᠳᠠᠷᠤᠭ᠎ᠠ᠂ ᠬᠠᠮᠢᠶ᠎ᠠ ᠪᠥᠬᠦᠶ | ᠲᠤᠬᠠᠶᠢᠯᠠᠭᠰᠠᠨ ᠠᠵᠢᠯ ᠤᠨ ᠴᠠᠭᠳᠠᠭᠠᠨ ᠤ ᠲᠥᠷᠥᠯ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | | ᠬᠠᠶᠢᠷᠤᠪ ᠤᠨ ᠳᠤᠬᠤᠢ ᠲᠣᠭᠤᠷᠢᠭ ᠤᠨ 302 ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠤᠳᠠ ᠲᠣᠭᠤᠷᠢᠭ ᠤᠨ ᠭᠠᠯᠲᠤ ᠲᠡᠷᠭᠡᠨ ᠤ ᠦᠷᠳᠡᠭᠡ᠂ | ᠬᠠᠶᠢᠨᠠᠨ ᠲᠣᠭᠤᠷᠢᠭ ᠤᠨ ᠶᠢᠨ ᠲᠠᠢ ᠠᠭᠤᠳᠠᠮ ᠲᠠᠯᠠᠪᠠᠢ ᠵᠡᠷᠭᠡ ᠬᠥᠮᠦᠨ ᠬᠠᠷ᠎ᠠ ᠲᠥᠪᠯᠡᠷᠡᠭᠰᠡᠨ ᠲᠤᠮᠤ ᠬᠡᠯᠪᠡᠷᠢ ᠶᠢᠨ ᠠᠵᠢᠯ ᠲᠦᠷᠦᠯ ᠤᠨ ᠲᠠᠯᠠᠪᠤᠷ ᠲᠤ᠂ | ᠬᠤᠲᠠ ᠶᠢᠨ ᠳᠡᠳ᠋ ᠳᠠᠷᠤᠭ᠎ᠠ ᠵᠠᠩ ᠸᠧᠶ ᠬᠤᠳᠠᠯᠳᠤᠭᠠᠴᠢᠨ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠲᠠᠸᠠᠷ ᠤᠨ ᠬᠠᠩᠭᠠᠯᠭ᠎ᠠ᠂ ᠢᠳᠡᠭᠡᠨ ᠤ ᠠᠮᠤᠷ | ᠲᠦᠪᠰᠢᠨ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠵᠡᠷᠭᠡ ᠪᠠᠶᠢᠳᠠᠯ ᠢ ᠠᠰᠠᠭᠤᠨ ᠯᠠᠪᠯᠠᠵᠤ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ ᠠᠮᠤᠷ | ᠲᠦᠪᠰᠢᠨ᠂ ᠬᠢᠨᠠᠨ ᠡᠵᠡᠮᠳᠡᠭᠦᠷ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠵᠡᠷᠭᠡ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ︾ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠪᠠᠶᠢᠴᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠬᠥᠮᠦᠨ ᠤ ᠬᠥᠷᠥᠭ ᠢ | ᠰᠡᠭᠦᠳᠡᠷᠯᠡᠬᠦ ᠵᠡᠷᠭᠡ ︽ᠭᠡᠭᠡᠨ ᠢᠨᠵᠧᠨᠧᠷᠢᠩ︾ ᠤᠨ ᠨᠥᠬᠦᠪᠥᠷᠢᠯᠡᠬᠦ ᠴᠡᠭ ᠢ ᠥᠷᠭᠡᠳᠬᠡᠬᠦ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ᠃ | | | | ᠬᠠᠶᠢᠷᠤᠪ ᠤᠨ ᠲᠤᠬᠤᠢ ᠲᠣᠭᠤᠷᠢᠭ ᠤᠨ ᠭᠠᠯᠲᠤ ᠲᠡᠷᠭᠡᠨ ᠦᠷᠳᠡᠭᠡ᠂ ᠤᠳᠠ ᠲᠣᠭᠤᠷᠢᠭ ᠤᠨ ᠸᠧᠢ ᠪᠠᠩ ᠵᠠᠬ᠎ᠠ ᠳᠡᠯᠭᠡᠭᠦᠷ᠂ ᠬᠠᠶᠢᠨᠠᠨ ᠲᠣᠭᠤᠷᠢᠭ ᠤᠨ | ᠠᠭᠤᠳᠠᠮ ᠲᠠᠯᠠᠪᠠᠢ ᠵᠡᠷᠭᠡ ᠴᠠᠭᠳᠠᠭᠠᠨ ᠤ ᠶᠠᠪᠤᠳᠠᠯ ᠤᠨ ᠠᠵᠢᠯ ᠤᠨ ᠦᠷᠳᠡᠭᠡ ᠪᠣᠯᠤᠨ ᠣᠯᠣᠮ ᠤᠨ ᠠᠮᠤᠷ ᠢ ᠬᠠᠮᠠᠭᠠᠯᠠᠬᠤ ᠪᠠᠶᠢᠴᠠᠭᠠᠬᠤ ᠦᠷᠳᠡᠭᠡ ᠳᠤ᠂ | ᠬᠤᠳᠠ ᠶᠢᠨ ᠳᠡᠳ᠋ ᠳᠠᠷᠤᠭ᠎ᠠ ᠵᠠᠩ ᠸᠧᠢ ᠲᠤᠬᠠᠢ ᠶᠢᠨ ᠭᠠᠵᠠᠷ ᠲᠤ ᠨᠢ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ ᠦᠢᠯᠡᠴᠢᠯᠡᠭᠡᠨ ᠤ | ᠵᠡᠪᠰᠡᠭᠲᠦ ᠴᠠᠭᠳᠠᠯᠲᠠ᠂ ᠡᠯ᠎ᠡ ᠴᠠᠭᠳᠠᠭᠠᠨ ᠤ ᠲᠦᠷᠦᠯ ᠤᠨ ᠬᠢᠨ ᠬᠤᠯᠪᠣᠭᠠᠯᠠᠨ ᠪᠠᠶᠢᠴᠠᠭᠠᠬᠤ ᠪᠠᠷᠢᠪᠴᠢᠯᠠᠬᠤ ᠡᠵᠡᠮᠳᠡᠨ ᠲᠤᠬᠢᠷᠠᠭᠤᠯᠤᠭᠰᠠᠨ ᠪᠠᠶᠢᠳᠠᠯ ᠢ ᠪᠠᠶᠢᠴᠠᠭᠠᠨ | ᠦᠵᠡᠵᠦ᠂ ᠦᠢᠯᠡᠴᠢᠯᠡᠭᠡᠨ ᠤ ᠲᠤᠬᠢᠷᠠᠭᠤᠯᠤᠯᠳᠠ᠂ ᠲᠤᠨᠤᠭ ᠲᠥᠬᠦᠭᠡᠷᠦᠮᠵᠢ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ | ᠤᠳᠠ ᠲᠣᠭᠤᠷᠢᠭ ᠤᠨ ᠪᠠᠶᠠᠨᠰᠠᠶᠢᠨ᠂ ᠬᠠᠶᠢᠨᠠᠨ ᠲᠣᠭᠤᠷᠢᠭ ᠤᠨ ᠷᠠᠰᠠᠩ ᠵᠥᠩ ᠵᠡᠷᠭᠡ ᠲᠣᠮᠢᠯᠠᠭᠰᠠᠨ ᠰᠠᠯᠪᠤᠷᠢ ᠳᠤ᠂ ᠬᠤᠲᠠ ᠶᠢᠨ ᠳᠡᠳ᠋ ᠳᠠᠷᠤᠭ᠎ᠠ ᠵᠠᠩ ᠸᠧᠶ | ᠡᠯ᠎ᠡ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ᠂ ᠭᠠᠵᠠᠷ ᠤᠨ ᠳᠠᠷᠤᠭ᠎ᠠ ᠨᠠᠷ ᠲᠠᠢ ᠶᠠᠷᠢᠯᠴᠠᠨ ᠰᠣᠯᠢᠯᠴᠠᠵᠤ᠂ ᠬᠠᠷᠢᠶ᠎ᠠ ᠣᠷᠣᠨ ᠤ | ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠬᠤ᠂ ᠲᠦᠭᠰᠢᠭᠦᠷᠢ ᠶᠢ ᠭᠥᠯᠢᠶᠡᠨ ᠠᠪᠴᠤ | ᠰᠢᠢᠳᠪᠦᠷᠢᠯᠡᠬᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ᠂ ᠳᠠᠬᠢᠨᠲᠠ ᠡᠭᠦᠰᠬᠦ ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠬᠦ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ᠂ ᠡᠩᠨᠡᠭᠡ ᠶᠢᠨ ᠪᠠᠶᠢᠭᠤᠯᠤᠯᠲᠠ ᠵᠡᠷᠭᠡ ᠪᠣᠳᠠᠲᠠᠶ ᠪᠠᠶᠢᠳᠠᠯ ᠢ ᠨᠠᠷᠢᠨ ᠣᠶᠢᠯᠠᠭᠠᠪᠠ᠃ | | | | ᠰᠢᠪᠠᠳᠠᠨ ᠪᠠᠶᠢᠴᠠᠭᠠᠬᠤ ᠳᠤ ᠪᠠᠨ᠂ ᠠᠶᠤᠯᠭᠦᠢ ᠦᠢᠯᠡᠳᠪᠦᠷᠢᠯᠡᠯ ᠪᠣᠯ ᠬᠥᠭᠵᠢᠯᠲᠡ ᠶᠢᠨ ᠰᠠᠭᠤᠷᠢ᠂ ᠠᠷᠠᠳ ᠤᠨ ᠠᠮᠢᠳᠤᠷᠠᠯ ᠤᠨ ᠦᠨᠳᠦᠰᠦ᠂ ᠡᠶ᠎ᠡ | ᠵᠣᠬᠢᠴᠠᠩᠭᠤᠢ ᠶᠢᠨ ᠡᠬᠢ ᠰᠤᠷᠪᠤᠯᠵᠢ ᠮᠥᠨ᠃ ᠤᠯᠤᠰ ᠪᠠᠶᠢᠭᠤᠯᠤᠭᠳᠠᠭᠰᠠᠨ ᠪᠠᠶᠠᠷ ᠤᠨ ᠬᠤᠭᠤᠴᠠᠭᠠᠨ ᠳᠤ᠂ ᠤᠯᠠᠨ ᠲᠦᠮᠡᠨ ᠤ ᠶᠠᠪᠤᠵᠤ ᠰᠠᠭᠤᠬᠤ᠂ ᠵᠤᠭᠠᠴᠠᠨ | ᠲᠣᠭᠤᠷᠢᠬᠤ ᠬᠡᠷᠡᠭᠴᠡᠭᠡ ᠣᠯᠠᠰᠢᠷᠠᠵᠤ᠂ ᠡᠯ᠎ᠡ ᠲᠦᠷᠦᠯ ᠤᠨ ᠵᠠᠮ ᠲᠡᠭᠡᠭᠡᠪᠦᠷᠢ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ | ᠴᠦ ᠬᠥᠭᠵᠢᠶᠡᠨᠲᠡᠢ ᠤᠯᠠᠷᠢᠯ ᠳᠤ ᠣᠷᠣᠵᠤ᠂ ᠠᠶᠤᠯᠭᠦᠢ ᠦᠢᠯᠡᠳᠪᠦᠷᠢᠯᠡᠯ ᠤᠨ ᠳᠠᠷᠤᠯᠲᠠ ᠨᠡᠮᠡᠭᠳᠡᠵᠦ᠂ ᠱᠠᠭᠠᠷᠳᠠᠯᠭ᠎ᠠ ᠴᠢᠩᠭ᠎ᠠ ᠪᠣᠯᠪᠠ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠭᠤᠣᠯ ᠬᠦᠴᠦᠨ ᠪᠣᠯᠤᠭᠰᠠᠨ ᠤ ᠬᠤᠪᠢ ᠳᠤ ︽ᠠᠮᠤᠷ ᠲᠦᠪᠰᠢᠨ ᠤ ᠬᠥᠪᠴᠢ︾ ᠶᠢ | ᠴᠢᠩᠭᠠᠯᠠᠵᠤ᠂ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠬᠦ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠶᠤᠮ ᠭᠡᠵᠦ ᠵᠢᠭᠠᠵᠤ | ᠭᠠᠷᠭᠠᠪᠠ᠃ | ᠰᠢᠪᠠᠳᠠᠨ ᠪᠠᠶᠢᠴᠠᠭᠠᠬᠤ ᠳᠤ ᠪᠠᠨ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ᠂ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠤᠶ | ᠪᠣᠯᠭᠠᠵᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠴᠢᠬᠤᠯᠠ ᠪᠠᠶᠠᠷ ᠤᠨ ᠡᠳᠦᠷ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡ ᠶᠢ ᠠᠯᠳᠠᠪᠠᠯ ᠬᠤᠭᠤᠰᠤᠨ ᠪᠣᠯᠬᠤ︾ ᠳᠡᠭᠡᠳᠦ ᠬᠡᠮᠵᠢᠶᠡᠨ ᠤ ᠰᠡᠷᠭᠡᠭ ᠪᠠᠶᠢᠬᠤ ᠪᠠ ︽ᠨᠢᠭᠡ ᠶᠢ | ᠴᠦ ᠠᠯᠳᠠᠬᠤ ᠥᠬᠡᠶ︾ ᠪᠠᠶᠢᠬᠤ ᠡᠷᠡᠰ ᠰᠢᠭᠤᠷᠬᠠᠶ ᠣᠪᠣᠷ ᠢᠶᠠᠷ ︽ᠣᠯᠠᠨ ᠲᠦᠮᠡᠨ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠳᠣᠲᠣᠭᠠᠳᠤ ᠶᠢ | ᠬᠠᠮᠠᠭᠠᠯᠠᠬᠤ ᠪᠣᠭᠤᠮᠲᠠ ᠰᠢᠪᠲᠤᠯᠬᠤ︾ ᠤᠯᠤᠰ ᠲᠥᠷᠥ ᠶᠢᠨ ᠡᠭᠦᠷᠭᠡᠯᠡᠯ ᠢ ᠦᠨᠡᠨ ᠬᠦ ᠡᠭᠦᠷᠭᠡᠯᠡᠵᠦ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ | ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ | ᠪᠥᠬᠦ ᠬᠤᠲᠠ ᠶᠢᠨ ᠤᠯᠤᠰ ᠲᠥᠷᠥ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠬᠠᠮᠠᠭᠠᠯᠠᠬᠤ ᠪᠣᠳᠠᠲᠤ ᠠᠵᠢᠯᠯᠠᠭ᠎ᠠ᠂ | ᠪᠣᠳᠠᠲᠤ ᠦᠷ᠎ᠡ ᠪᠦᠲᠦᠮᠵᠢ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃ | ᠰᠢᠪᠠᠳᠠᠨ ᠪᠠᠶᠢᠴᠠᠭᠠᠬᠤ ᠬᠤᠭᠤᠴᠠᠭᠠᠨ ᠳᠤ᠂ ᠬᠤᠲᠠ ᠶᠢᠨ ᠳᠡᠳ᠋ ᠳᠠᠷᠤᠭ᠎ᠠ ᠵᠠᠩ ᠸᠧᠶ ᠪᠠᠰᠠ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ | ᠨᠠᠮ ᠪᠠ ᠵᠠᠰᠠᠭ ᠤᠨ ᠣᠷᠳᠣᠨ ᠳᠤ ᠪᠠᠶᠠᠷ ᠤᠨ ᠡᠳᠦᠷ ᠤᠨ ᠭᠦᠨ ᠵᠤᠵᠠᠭᠠᠨ ᠢᠷᠥᠭᠡᠯ ᠳᠡᠪᠰᠢᠭᠦᠯᠵᠡᠶ᠃ | |