ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ︾ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/28
      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠡᠭᠯᠡᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠵᠠᠯᠭᠠᠮᠵᠢᠯᠠᠨ ᠪᠠᠳᠠᠷᠠᠭᠤᠯᠵᠤ᠂ ᠪᠥᠬᠦ ᠴᠠᠭᠳᠠᠭ᠎ᠠ ᠶᠢᠨ ᠲᠡᠮᠡᠴᠡᠯ ᠤᠨ ᠵᠣᠷᠢᠭ ᠢ ᠬᠥᠭᠵᠢᠭᠡᠨ᠂ ᠡᠩᠨᠡᠭᠡ ᠶᠢᠨ ᠨᠢᠭᠲᠠᠷᠠᠯ ᠤᠨ ᠬᠦᠴᠦᠨ ᠳᠠᠶᠢᠴᠢᠨ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ 10 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠤᠨ ᠪᠠᠶᠠᠷ ᠤᠨ ᠡᠳᠦᠷ ᠤᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠵᠣᠬᠢᠶᠠᠨ ᠪᠠᠶᠢᠭᠤᠯᠵᠤ ᠶᠠᠪᠤᠭᠳᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠸᠧᠶ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ ᠳᠤ ᠪᠠᠨ ᠪᠠᠶᠢᠭ᠎ᠠ ᠨᠠᠮ ᠤᠨ ᠬᠤᠷᠢᠶ᠎ᠠ ᠶᠢᠨ ᠭᠡᠰᠢᠭᠦᠨ᠂ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃
微信图片_20241024095645.jpg
     ᠦᠳᠡ ᠶᠢᠨ ᠡᠮᠦᠨᠡᠬᠢ 10 ᠴᠠᠭ ᠲᠤ᠂ ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠤᠭ ᠵᠢᠪᠬᠤᠭ᠎ᠠ ᠪᠠᠷ ᠪᠢᠯᠬᠠᠵᠤ᠂ ᠲᠡᠷᠢ ᠲᠡᠭᠰᠢ ᠮᠥᠷᠯᠡᠨ ᠵᠢᠭᠰᠠᠪᠠ᠃ ᠵᠢᠯᠤᠭᠤᠳᠤᠯᠭ᠎ᠠ ᠶᠢᠨ ᠲᠤᠬᠢᠶ᠎ᠠ ᠶᠢ ᠲᠠᠭᠠᠯᠳᠤᠨ᠂ ᠲᠤᠭ ᠬᠠᠮᠠᠭᠠᠯᠠᠬᠤ ᠠᠩᠬᠢ ᠰᠦᠷ ᠵᠢᠪᠬᠤᠭ᠎ᠠ ᠲᠠᠢ᠂ ᠠᠯᠬᠤᠭ᠎ᠠ ᠢᠳᠡᠷᠡᠭᠦᠨ ᠢᠶᠠᠷ ᠤᠯᠤᠰ ᠤᠨ ᠲᠤᠭ ᠢ ᠬᠠᠮᠠᠭᠠᠯᠠᠨ ᠲᠠᠯᠠᠪᠠᠢ ᠳᠤ ᠣᠷᠣᠵᠤ ᠢᠷᠡᠪᠡ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠵᠤ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠤᠯᠤᠰ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠶᠤᠰᠤᠯᠡᠨ᠂ ᠠᠭᠤᠤ ᠶᠡᠭᠡ ᠡᠬᠡ ᠤᠯᠤᠰ ᠤᠨ ᠬᠥᠭᠵᠢᠨ ᠴᠡᠴᠡᠭᠯᠡᠬᠦ ᠶᠢ ᠢᠷᠥᠭᠡᠵᠦ᠂ ᠪᠦᠬᠦ ᠬᠤᠲᠠ ᠶᠢᠨ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠷᠡᠰ ᠪᠠᠲᠤ ᠵᠣᠷᠢᠭ ᠢᠶᠠᠨ ᠢᠯᠡᠳᠬᠡᠪᠡ᠃
微信图片_20241024095700.jpg
     ᠤᠯᠤᠰ ᠤᠨ ᠲᠤᠭ ᠮᠠᠨᠳᠤᠭᠤᠯᠬᠤ ᠶᠣᠰᠣᠯᠠᠯ ᠨᠢ ᠬᠥᠮᠦᠰ ᠤᠨ ᠤᠷᠮ᠎ᠠ ᠵᠣᠷᠢᠭ ᠢ ᠬᠦᠭᠵᠢᠭᠡᠨ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠢᠯᠯᠠᠭ᠎ᠠ ᠳᠤ᠂ ᠪᠦᠬᠦ ᠴᠠᠭᠳᠠᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠲᠥᠪ ᠴᠢᠩᠭ᠎ᠠ ᠠᠮᠠᠯᠠᠯᠲᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠬᠡᠷᠡᠭᠲᠡᠢ ᠭᠡᠵᠦ ᠱᠠᠭᠠᠷᠳᠠᠪᠠ᠃
微信图片_20241024095707.jpg
     ᠤᠯᠤᠰ ᠳᠠᠶᠠᠭᠠᠷ ᠢᠶᠠᠨ ᠡᠬᠡ ᠤᠯᠤᠰ ᠤᠨ ᠢᠶᠠᠨ ᠮᠡᠨᠳᠦᠯᠡᠭᠰᠡᠨ ᠪᠠᠶᠠᠷ ᠢ ᠬᠠᠮᠲᠤ ᠪᠠᠷ ᠪᠡᠯᠭᠡᠯᠡᠵᠦ ᠪᠠᠶᠢᠭ᠎ᠠ ᠲᠠᠰᠢᠷᠠᠮ ᠳᠤ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ ᠤ ᠵᠣᠷᠢᠯᠭ᠎ᠠ ᠨᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠦᠨᠵᠡᠭᠡᠶᠢᠷᠡᠭᠦᠯᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠠᠪᠰᠤᠷᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠭᠠᠨ᠂ ᠪᠦᠬᠦ ᠴᠠᠭᠳᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠵᠣᠷᠢᠭᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠲᠠᠶᠢᠪᠤᠩᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠬᠠᠭᠤᠳᠠᠰᠤ ᠶᠢ ᠪᠢᠴᠢᠭᠯᠡᠬᠦ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ