ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠠᠶᠢᠯ ᠡᠷᠦᠬᠡ ᠳᠤ ᠣᠷᠣᠵᠤ ᠬᠤᠯᠠᠭᠠᠶᠢᠯᠠᠭᠰᠠᠨ ᠬᠡᠷᠡᠭ ᠢ ᠲᠦᠷᠭᠡᠨ ᠢᠯᠡᠷᠡᠭᠦᠯᠪᠡ
ᠨᠡᠶᠢᠲᠡᠯᠡᠭᠰᠡᠨ ᠴᠠᠭ᠄
2024/10/6
      ᠣᠶᠢᠷ᠎ᠠ ᠳᠤ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠨᠢᠭᠡᠨ ᠬᠦᠮᠦᠨ ᠤ ᠥᠪᠡᠷ ᠤᠨ ᠬᠡᠷ ᠤᠨ ᠡᠳ᠋ ᠪᠣᠳᠠᠰ ᠨᠢ ᠬᠤᠯᠠᠭᠠᠶᠢᠯᠠᠭᠳᠠᠵᠤ᠂ ᠬᠡᠷᠡᠭ ᠲᠤ ᠬᠤᠯᠪᠣᠭᠳᠠᠭᠰᠠᠨ ᠥᠷᠳᠡᠭ ᠨᠢ ᠪᠠᠷᠤᠭ 10 ᠲᠦᠮᠡ ᠭᠠᠷᠤᠶ ᠲᠥᠭᠦᠷᠢᠭ ᠲᠤ ᠬᠦᠷᠴᠡᠶ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠲᠤᠬᠠᠶ ᠶᠢᠨ ᠲᠠᠯᠠᠪᠤᠷ ᠲᠤ ᠬᠠᠶᠢᠨ ᠪᠠᠶᠢᠴᠠᠭᠠᠵᠤ ᠭᠡᠷᠡᠴᠢ ᠠᠪᠬᠤ ᠶᠢᠨ ᠬᠠᠮᠲᠤ ᠭᠦᠨᠵᠡᠭᠡᠶ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠠᠴᠠ ᠰᠢᠯᠢ ᠶᠢᠨ ᠬᠤᠲᠠ ᠳᠤ ᠳᠤᠲᠠᠭᠠᠵᠤ ᠣᠴᠢᠭᠰᠠᠨ ᠵᠣᠣ ᠣᠪᠣᠭᠲᠤ ᠪᠣᠯ ᠬᠡᠷᠡᠭ ᠲᠤ ᠬᠤᠯᠪᠣᠭᠳᠠᠭᠰᠠᠨ ᠬᠥᠮᠥᠨ ᠪᠣᠯᠬᠤ ᠶᠢ ᠮᠠᠰᠢ ᠲᠦᠷᠭᠡᠨ ᠢᠶᠠᠷ ᠪᠠᠶᠢᠴᠠᠭᠠᠨ ᠳᠣᠲᠣᠯᠠᠵᠠᠶ᠃      ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠰᠢᠯᠢ ᠶᠢᠨ ᠬᠤᠲᠠ ᠳᠤ ᠬᠦᠷᠴᠦ᠂ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠢᠨ ᠤ ᠬᠠᠪᠰᠤᠷᠤᠯᠭ᠎ᠠ ᠪᠠᠷ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ ᠶᠢ ᠪᠠᠷᠢᠪᠴᠢᠯᠠᠵᠤ᠂ ᠬᠡᠰᠡᠭ ᠪᠤᠵᠠᠷ ᠡᠳ᠋ ᠢ ᠨᠢ ᠣᠯᠵᠠᠯᠠᠵᠠᠶ᠃ ᠬᠡᠷᠡᠭ ᠢ ᠴᠢᠨᠠᠭᠰᠢᠲᠠ ᠲᠣᠷᠰᠢᠨ ᠪᠠᠶᠢᠴᠠᠭᠠᠬᠤ ᠪᠠᠷ ᠳᠠᠮᠵᠢᠨ᠂ ᠲᠤᠬᠠᠶ ᠶᠢᠨ ᠡᠳᠦᠷ ᠲᠤ ᠨᠥᠭᠦᠭᠡ ᠨᠢᠭᠡ ᠶᠠᠯ᠎ᠠ ᠬᠢᠭᠰᠡᠨ ᠰᠡᠵᠢᠭᠳᠡᠨ ᠢ ᠪᠠᠰᠠ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠢ ᠪᠦᠬᠦᠨ ᠢᠶᠠᠷ ᠨᠢ ᠨᠡᠬᠡᠮᠵᠢᠯᠡᠨ ᠠᠪᠴᠢᠷᠠᠪᠠ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ